| ᠤᠩᠨᠢᠭᠤᠳ ᠬᠤᠰᠢᠭᠤ 2022 ᠤᠨ ᠳᠤ ᠰᠢᠷᠠᠮᠦ᠋ᠷᠡᠨ ᠵᠡᠭᠡᠯᠢ᠂ ᠡᠾᠦ᠋ᠢ ᠮᠢᠨ ᠵᠠᠮ ᠤᠨ ᠤᠮᠠᠷᠠᠰᠢ | ᠨᠡᠪᠲᠡᠷᠡᠬᠦ᠂ ᠰᠢᠶᠠᠩ ᠶᠠᠩ ᠵᠡᠭᠡᠯᠢ ᠶᠢᠨ ᠵᠡᠭᠦᠨᠰᠢ ᠨᠡᠪᠲᠡᠷᠡᠬᠦ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ | ᠬᠠᠰ ᠯᠣᠣ ᠵᠠᠮ᠂ ᠬᠦ᠋ ᠴᠧᠩ ᠵᠡᠭᠡᠯᠢ ᠶᠢᠨ ᠥᠭᠡᠷᠡᠴᠢᠯᠡᠯᠲᠡ ᠵᠡᠷᠭᠡ ᠪᠠᠷᠢᠯᠭ᠎ᠠ ᠶᠢ ᠪᠦᠬᠦᠨ ᠢ ᠳᠠᠭᠤᠰᠬᠠᠪᠠ ᠃ ᠮᠤᠵᠢ | ᠶᠢᠨ ᠲᠡᠰ ᠤᠨ ᠵᠠᠰᠠᠮᠠᠯ ᠵᠠᠮ ᠤᠨ 210 ᠱᠤᠭᠤᠮ ᠤᠨ ᠣᠩᠨᠢᠭᠤᠳ ᠬᠤᠰᠢᠭᠤᠨ ᠤ ᠬᠡᠰᠡᠭ᠂ ᠤᠯᠠᠭᠠᠨᠬᠠᠳᠠ ᠠᠴᠠ | ᠪᠠᠶᠠᠨᠬᠤᠸᠠ ᠬᠦᠷᠬᠦ ᠲᠡᠮᠦᠷ ᠵᠠᠮ ᠤᠨ ᠪᠣᠷᠣᠬᠤᠲᠠ ᠳᠠᠬᠢ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ | ᠥᠭᠡᠷᠡᠴᠢᠯᠡᠨ ᠪᠠᠶᠢᠭᠤᠯᠬᠤ ᠲᠥᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠦᠳᠡ ᠶᠢᠨ | ᠬᠤᠸᠠ ᠳᠤ ᠬᠠᠷᠢᠯᠴᠠᠨ ᠨᠡᠪᠲᠡᠷᠡᠬᠦ ᠭᠤᠣᠯ ᠴᠣᠭᠴᠠ ᠶᠢᠨ ᠠᠵᠢᠯ ᠳᠠᠭᠤᠰᠴᠤ᠂ ᠤᠯᠤᠰ ᠤᠨ ᠵᠠᠮ ᠤᠨ 305 | ᠱᠤᠭᠤᠮ ᠤᠨ ᠶᠡᠭᠡ ᠳᠤᠮᠳᠠ ᠵᠠᠰᠠᠯᠲᠠ᠂ ᠠᠰᠢᠠᠬᠨ ᠠᠴᠠ ᠬᠤᠷᠴᠢᠨᠲᠠᠯᠠ ᠬᠦᠷᠬᠦ ᠱᠤᠭᠤᠮ ᠤᠨ ᠵᠠᠰᠠᠮᠠᠯ ᠵᠠᠮ ᠤᠨ | ᠠᠵᠢᠯ ᠳᠠᠭᠤᠰᠴᠤ ᠲᠡᠷᠭᠡ ᠨᠡᠪᠲᠡᠷᠡᠪᠡ ᠃ ᠴᠦᠨᠳᠦᠪ ᠤᠨ ᠭᠤᠣᠯ ᠤᠨ ᠳᠡᠭᠡᠳᠦ ᠤᠷᠤᠰᠬᠠᠯ ᠤᠨ ᠬᠥᠷᠥᠰᠥ ᠰᠢᠷᠣᠢ | ᠶᠢ ᠬᠠᠮᠠᠭᠠᠯᠠᠬᠤ ᠵᠢᠴᠢ ᠦᠶᠡᠷ ᠢ ᠰᠡᠷᠭᠡᠶᠢᠯᠡᠬᠦ ᠵᠠᠰᠠᠯᠲᠠ᠂ ᠪᠠᠭ᠎ᠠ ᠬᠦᠷᠬᠢᠷ᠎ᠡ ᠶᠢᠨ ᠤᠰᠤᠨ ᠴᠥᠭᠦᠷᠥᠮ ᠤᠨ ᠠᠶᠤᠯ | ᠢ ᠠᠷᠢᠯᠭᠠᠨ ᠪᠠᠬᠢᠯᠡᠬᠦ ᠢᠨᠵᠧᠨᠧᠷᠢᠩ ᠢ ᠲᠦᠷᠭᠡᠯᠡᠨ ᠬᠡᠷᠡᠭᠵᠢᠭᠦᠯᠵᠦ᠂ ᠰᠢᠷᠠᠮᠥ᠋ᠷᠡᠨ 220 ᠺᠢᠯᠣᠸᠣᠯᠲ ᠤᠨ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ᠂ 3 ᠰᠠᠭᠤᠷᠢ 66 ᠺᠢᠯᠣᠸᠣᠯᠲ ᠤᠨ ᠴᠠᠬᠢᠯᠭᠠᠨ ᠬᠤᠪᠢᠰᠬᠠᠬᠤ | ᠥᠷᠲᠡᠭᠡᠨ ᠤ ᠥᠭᠡᠷᠡᠴᠢᠯᠡᠯᠲᠡ ᠵᠡᠷᠭᠡ ᠵᠦᠢᠯᠡᠰ ᠢ ᠡᠮᠬᠢ ᠵᠢᠷᠤᠮ ᠲᠠᠢ ᠪᠠᠷ ᠠᠬᠢᠭᠤᠯᠪᠠ ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ 93 ᠲᠥᠷᠥᠯ ᠵᠦᠶᠯ ᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ | ᠬᠠᠮᠵᠢᠯᠴᠠᠭ᠎ᠠ ᠪᠠ ᠲᠥᠪ ᠤᠨ ᠠᠵᠤ ᠠᠬᠤᠶᠢᠯᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠᠯᠠ ᠮᠥᠩᠭᠦ ᠶᠢ | 7838 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ 5 . 3 | ᠳ᠋ᠦᠩᠰᠢᠭᠤᠷ ᠲᠥᠭᠦᠷᠢᠭ ᠪᠡᠶᠡᠯᠡᠭᠦᠯᠪᠡ ᠃ 3049 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠶᠢ | ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ | ᠥᠭᠡᠷᠡᠴᠢᠯᠡᠨ ᠪᠠᠶᠢᠭᠤᠯᠬᠤ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠳᠠᠭᠠᠭᠠᠴᠢᠯᠠᠨ | ᠡᠷᠬᠢᠯᠡᠪᠡ ᠃ |