ᠤᠩᠨᠢᠭᠤᠳ ᠬᠤᠰᠢᠭᠤ ᠦᠩᠭᠡᠷᠡᠭᠰᠡᠨ ᠨᠢᠬᠡ ᠵᠢᠯ ᠤᠨ ᠲᠤᠷᠰᠢ᠂ ᠳᠤᠲᠠᠭᠤᠳᠠᠯ ᠪᠠᠭᠤᠷᠠᠢ ᠲᠠᠯ᠎ᠠ ᠪᠠᠨ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠬᠡᠪᠡᠷ ᠬᠦᠴᠦ ᠣᠷᠤᠭᠤᠯᠤᠨ ᠲᠥᠪᠯᠡᠷᠡᠭᠦᠯᠦᠨ ᠪᠣᠭᠤᠮᠲᠠ ᠰᠢᠪᠲᠤᠯᠬᠤ ᠠᠵᠢᠯ ᠢ ᠥᠷᠨᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠬᠦ‍ ᠨᠢᠭᠡ ᠪᠦᠯᠦᠭ ᠰᠠᠭᠤᠷᠢ ᠲᠥᠬᠦᠭᠡᠷᠦᠮᠵᠢ ᠶᠢᠨ ᠢᠨᠵᠧᠨᠧᠷᠢᠩ ᠢ ᠪᠣᠳᠠᠲᠠᠢ ᠳᠤ ᠨᠠᠶᠢᠳᠠᠪᠤᠷᠢᠵᠢᠭᠤᠯᠪᠠ
ᠨᠡᠶᠢᠲᠡᠯᠡᠭᠰᠡᠨ ᠴᠠᠭ᠄
2023/3/20
       ᠤᠩᠨᠢᠭᠤᠳ ᠬᠤᠰᠢᠭᠤ ᠦᠩᠭᠡᠷᠡᠭᠰᠡᠨ ᠨᠢᠬᠡ ᠵᠢᠯ ᠤᠨ ᠲᠤᠷᠰᠢ᠂ ᠰᠢᠷᠠᠮᠦ᠋ᠷᠡᠨ ᠵᠡᠭᠡᠯᠢ᠂ ᠡᠾᠦ᠋ᠢ ᠮᠢᠨ ᠵᠠᠮ  ᠤᠨ ᠤᠮᠠᠷᠠᠰᠢ ᠨᠡᠪᠲᠡᠷᠡᠬᠦ᠂ ᠰᠢᠶᠠᠩ ᠶᠠᠩ ᠵᠡᠭᠡᠯᠢ ᠶᠢᠨ ᠵᠡᠭᠦᠨᠰᠢ ᠨᠡᠪᠲᠡᠷᠡᠬᠦ ᠵᠡᠷᠭᠡ ᠲᠥᠷᠥᠯ ᠵᠦᠢᠯ ᠢ ᠲᠦᠷᠭᠡᠳᠬᠡᠨ ᠪᠠᠶᠢᠭᠤᠯᠵᠤ᠂ ᠬᠠᠰ ᠯᠣᠣ ᠵᠠᠮ᠂ ᠬᠦ᠋ ᠴᠧᠩ ᠵᠡᠭᠡᠯᠢ ᠶᠢᠨ ᠥᠭᠡᠷᠡᠴᠢᠯᠡᠯᠲᠡ ᠵᠡᠷᠭᠡ ᠪᠠᠷᠢᠯᠭ᠎ᠠ ᠶᠢ ᠪᠦᠬᠦᠨ ᠢ ᠳᠠᠭᠤᠰᠬᠠᠪᠠ  ᠃ ᠮᠤᠵᠢ ᠶᠢᠨ ᠲᠡᠰ ᠤᠨ ᠵᠠᠰᠠᠮᠠᠯ ᠵᠠᠮ ᠤᠨ 210 ᠱᠤᠭᠤᠮ ᠤᠨ ᠣᠩᠨᠢᠭᠤᠳ ᠬᠤᠰᠢᠭᠤᠨ ᠤ ᠬᠡᠰᠡᠭ᠂ ᠤᠯᠠᠭᠠᠨᠬᠠᠳᠠ ᠠᠴᠠ ᠪᠠᠶᠠᠨᠬᠤᠸᠠ ᠬᠦᠷᠬᠦ ᠲᠡᠮᠦᠷ ᠵᠠᠮ ᠤᠨ ᠪᠣᠷᠣᠬᠤᠲᠠ ᠳᠠᠬᠢ ᠠᠶᠠᠨᠴᠢᠳ ᠤᠨ ᠲᠡᠭᠡᠭᠡᠪᠦᠷᠢ  ᠶᠢᠨ ᠥᠷᠲᠡᠭᠡ ᠶᠢᠨ ᠥᠭᠡᠷᠡᠴᠢᠯᠡᠨ ᠪᠠᠶᠢᠭᠤᠯᠬᠤ ᠲᠥᠷᠦᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠦᠳᠡ ᠶᠢᠨ ᠬᠤᠸᠠ ᠳᠤ ᠬᠠᠷᠢᠯᠴᠠᠨ ᠨᠡᠪᠲᠡᠷᠡᠬᠦ ᠭᠤᠣᠯ ᠴᠣᠭᠴᠠ ᠶᠢᠨ ᠠᠵᠢᠯ ᠳᠠᠭᠤᠰᠴᠤ᠂ ᠤᠯᠤᠰ ᠤᠨ ᠵᠠᠮ ᠤᠨ 305 ᠱᠤᠭᠤᠮ ᠤᠨ ᠶᠡᠭᠡ ᠳᠤᠮᠳᠠ ᠵᠠᠰᠠᠯᠲᠠ᠂ ᠠᠰᠢᠠᠬᠨ ᠠᠴᠠ ᠬᠤᠷᠴᠢᠨᠲᠠᠯ᠎ᠠ ᠬᠦᠷᠬᠦ ᠱᠤᠭᠤᠮ ᠤᠨ ᠵᠠᠰᠠᠮᠠᠯ ᠵᠠᠮ  ᠤᠨ ᠠᠵᠢᠯ ᠳᠠᠭᠤᠰᠴᠤ ᠲᠡᠷᠭᠡ ᠨᠡᠪᠲᠡᠷᠡᠪᠡ  ᠃ ᠴᠦᠨᠳᠦᠪ ᠤᠨ ᠭᠤᠣᠯ ᠤᠨ ᠳᠡᠭᠡᠳᠦ ᠤᠷᠤᠰᠬᠠᠯ ᠤᠨ ᠬᠥᠷᠥᠰᠥ ᠰᠢᠷᠣᠢ ᠶᠢ ᠬᠠᠮᠠᠭᠠᠯᠠᠬᠤ ᠵᠢᠴᠢ ᠦᠶᠡᠷ ᠢ ᠰᠡᠷᠭᠡᠶᠢᠯᠡᠬᠦ ᠵᠠᠰᠠᠯᠲᠠ᠂  ᠪᠠᠭ᠎ᠠ ᠬᠦᠷᠬᠢᠷ᠎ᠡ ᠶᠢᠨ ᠤᠰᠤᠨ ᠴᠥᠭᠦᠷᠥᠮ ᠤᠨ ᠠᠶᠤᠯ ᠢ ᠠᠷᠢᠯᠭᠠᠨ ᠪᠠᠬᠢᠯᠡᠬᠦ ᠢᠨᠵᠧᠨᠧᠷᠢᠩ ᠢ ᠲᠦᠷᠭᠡᠯᠡᠨ ᠬᠡᠷᠡᠭᠵᠢᠭᠦᠯᠵᠦ᠂ ᠰᠢᠷᠠᠮᠥ᠋ᠷᠡᠨ 220 ᠺᠢᠯᠣᠸᠣᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ᠂ 3 ᠰᠠᠭᠤᠷᠢ 66 ᠺᠢᠯᠣᠸᠣᠯᠲ   ᠤᠨ ᠴᠠᠬᠢᠯᠭᠠᠨ ᠬᠤᠪᠢᠰᠬᠠᠬᠤ ᠥᠷᠲᠡᠭᠡᠨ ᠤ ᠥᠭᠡᠷᠡᠴᠢᠯᠡᠯᠲᠡ ᠵᠡᠷᠭᠡ ᠵᠦᠢᠯᠡᠰ ᠢ ᠡᠮᠬᠢ ᠵᠢᠷᠤᠮ ᠲᠠᠢ ᠪᠠᠷ ᠠᠬᠢᠭᠤᠯᠪᠠ  ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 93 ᠲᠥᠷᠥᠯ ᠵᠦᠶᠯ ᠢ ᠬᠡᠷᠡᠭᠵᠢᠭᠦᠯᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠠᠵᠤ ᠠᠬᠤᠶᠢᠯᠠᠯ ᠤᠨ ᠴᠡᠭ ᠲᠣᠭᠲᠠᠭᠠᠨ ᠬᠠᠪᠰᠤᠷᠤᠨ ᠲᠡᠳᠬᠦᠬᠦ ᠪᠠᠯᠠ ᠮᠥᠩᠭᠦ ᠶᠢ 7838 ᠲᠦᠮᠡᠨ ᠲᠥᠭᠦᠷᠢᠭ ᠨᠠᠶᠢᠳᠠᠪᠤᠷᠢᠵᠢᠭᠤᠯᠵᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠶᠢ 5 . 3 ᠳ᠋ᠦᠩᠰᠢᠭᠤᠷ ᠲᠥᠭᠦᠷᠢᠭ ᠪᠡᠶᠡᠯᠡᠭᠦᠯᠪᠡ  ᠃ 3049 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠶᠢ ᠳᠠᠭᠠᠭᠠᠴᠢᠯᠠᠨ  ᠡᠷᠬᠢᠯᠡᠪᠡ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号