| ᠤᠩᠨᠢᠭᠤᠳ ᠬᠤᠰᠢᠭᠤ ᠡᠨᠠ ᠵᠢᠯ ᠳᠤ᠂ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 7 | % ᠣᠷᠴᠢᠮ ᠢᠶᠠᠷ ᠨᠡᠮᠡᠭᠳᠡᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ | ᠪᠠᠯᠠ ᠣᠷᠣᠭᠤᠯᠤᠯᠲᠠ ᠶᠢ 15 . 2 % ᠣᠷᠴᠢᠮ ᠢᠶᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠦᠶᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠤᠨ ᠬᠤᠷᠳᠤᠴᠠ ᠶᠢ 7 % ᠣᠷᠴᠢᠮ ᠳᠤ ᠬᠦᠷᠦᠭᠦᠯᠵᠦ᠂ | ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 7 . 5 % ᠣᠷᠴᠢᠮ ᠢᠶᠠᠷ | ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 6 % ᠣᠷᠴᠢᠮ ᠢᠶᠠᠷ ᠨᠡᠮᠡᠭᠳᠡᠭᠦᠯᠵᠦ | ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠣᠰ ᠲᠣᠰ 7 . 2 % ᠪᠠ 9 % ᠣᠷᠴᠢᠮ ᠢᠶᠠᠷ ᠨᠡᠮᠡᠭᠳᠡᠭᠦᠯᠦᠨ᠎ᠡ ᠃ ᠡᠳᠡᠭᠡᠷ ᠬᠠᠷᠠᠯᠲᠠ ᠨᠢ | ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠤ ᠠᠬᠤᠢ ᠶᠢᠨ ᠪᠦᠬᠦᠯᠢ ᠴᠣᠭᠴᠠ ᠶᠢᠨ | ᠰᠠᠶᠢᠵᠢᠷᠠᠯᠲᠠ ᠶᠢ ᠠᠬᠢᠭᠤᠯᠬᠤ ᠴᠢᠬᠤᠯᠠ ᠱᠠᠭᠠᠷᠳᠠᠯᠭ᠎ᠠ ᠶᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ ᠮᠠᠨ ᠤ | ᠬᠤᠰᠢᠭᠤᠨ ᠤ ᠡᠬᠢ ᠪᠠᠶᠠᠯᠢᠭ ᠤᠨ ᠳᠠᠪᠠᠭᠤᠯᠢᠭ ᠪᠠ ᠬᠥᠭᠵᠢᠯᠲᠡ ᠶᠢ ᠲᠦᠷᠭᠡᠳᠬᠡᠬᠦ ᠪᠣᠳᠠᠲᠤ ᠬᠡᠷᠡᠭᠴᠡᠭᠡ ᠶᠢ | ᠭᠦᠢᠴᠡᠳ ᠪᠣᠳᠣᠯᠬᠢᠯᠠᠭᠰᠠᠨ ᠶᠤᠮ ᠃ ᠪᠢᠳᠡ ᠡᠷᠬᠡᠪᠰᠢ ᠢᠲᠡᠭᠡᠯ ᠵᠣᠷᠢᠭ ᠢᠶᠠᠨ ᠪᠠᠲᠤᠳᠬᠠᠵᠤ᠂ ᠠᠵᠠ ᠲᠣᠬᠢᠶᠠᠯ ᠢ | ᠠᠮᠵᠢᠵᠤ᠂ ᠬᠠᠷᠠᠯᠲᠠ ᠪᠠᠨ ᠲᠣᠭᠲᠠᠭᠠᠵᠤ᠂ ᠡᠷᠡᠮᠡᠬᠡᠶᠢᠯᠡᠨ ᠤᠷᠤᠭᠰᠢᠯᠠᠬᠤ ᠶᠢ ᠴᠢᠩᠭᠠᠳᠬᠠᠵᠤ᠂ 《 | ᠯᠠᠪᠳᠠᠭᠤᠨ ᠢᠶᠠᠷ ᠡᠭᠦᠳᠡ ᠨᠡᠬᠡᠭᠡᠭᠦ 》 ᠪᠠᠷ ᠪᠦᠬᠦ ᠵᠢᠯ ᠤᠨ ᠲᠣᠭᠲᠠᠭᠤᠨ ᠢ ᠳᠠᠶᠢᠴᠢᠯᠠᠬᠤ ᠶᠢ ᠪᠠᠲᠤᠯᠠᠵᠤ᠂ 《 | ᠡᠭᠦᠳᠡ ᠨᠡᠬᠡᠭᠡᠮᠡᠭᠴᠡ ᠠᠮᠵᠢᠯᠲᠠ ᠤᠯᠬᠤ 》 ᠪᠠᠷ ᠪᠦᠬᠦ ᠵᠢᠯ ᠤᠨ ᠠᠮᠵᠢᠯᠲᠠ ᠶᠢ ᠲᠠᠶᠢᠴᠢᠯᠠᠨ᠎ᠠ᠃ |