ᠤᠩᠨᠢᠭᠤᠳ ᠬᠤᠰᠢᠭᠤ ᠰᠣᠶᠣᠯ ᠵᠢᠭᠤᠯᠴᠢᠯᠠᠯ ᠢᠶᠠᠷ ᠳᠠᠶᠢᠴᠢᠯᠠᠬᠤ᠂ ᠳᠠᠯᠳᠠ ᠬᠦᠴᠦᠨ ᠢ ᠠᠭᠤᠳᠠᠯᠬᠤ᠂ ᠣᠯᠠᠨ ᠠᠵᠢᠯ ᠲᠥᠷᠥᠯ ᠢ ᠠᠭᠤᠰᠤᠯᠴᠠᠭᠤᠯᠬᠤ ᠶᠢ ᠪᠠᠷᠢᠮᠲᠠᠯᠠᠵᠤ᠂ ᠦᠶᠯᠡᠴᠢᠯᠡᠭᠡᠨ ᠤ ᠦᠶᠯᠡᠰ ᠤᠨ ᠲᠠᠪᠠᠯᠳᠠᠳᠤ ᠬᠥᠭᠵᠢᠯᠲᠡ ᠶᠢ ᠲᠦᠷᠭᠡᠳᠬᠡᠨ  ᠠᠬᠢᠭᠤᠯᠵᠤ ᠪᠤᠢ
ᠨᠡᠶᠢᠲᠡᠯᠡᠭᠰᠡᠨ ᠴᠠᠭ᠄
2023/3/20
           ᠤᠩᠨᠢᠭᠤᠳ ᠬᠤᠰᠢᠭᠤ  ᠪᠥᠬᠦ ᠣᠷᠣᠨ ᠪᠦᠰᠡ ᠶᠢᠨ ᠳᠥᠷᠪᠡᠨ ᠤᠯᠠᠷᠢᠯ ᠤᠨ ᠵᠢᠭᠤᠯᠴᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠲᠥᠯᠥᠪᠵᠢᠭᠦᠯᠬᠦ ᠪᠠ ᠡᠮᠬᠢᠯᠡᠨ ᠨᠡᠶᠢᠯᠡᠭᠦᠯᠵᠦ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ ᠭᠤᠤᠯ ᠦᠵᠡᠮᠵᠢ ᠶᠢᠨ ᠣᠷᠣᠨ ᠢ ᠪᠥᠬᠦ ᠬᠦᠴᠦᠨ ᠢᠶᠠᠷ ᠢᠶᠠᠨ ᠬᠦᠴᠦᠷᠬᠡᠭᠵᠢᠭᠦᠯᠵᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠦᠶᠯᠡᠳᠬᠦᠨ  ᠤ ᠰᠢᠨ᠎ᠡ ᠶᠢ ᠡᠭᠦᠳᠴᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠰᠠᠶᠢᠲᠤᠷ ᠠᠳᠬᠤᠵᠤ᠂ ᠪᠥᠬᠦ ᠬᠤᠰᠢᠭᠤᠨ  ᠤ ᠰᠣᠶᠣᠯ ᠵᠢᠭᠤᠯᠴᠢᠯᠠᠯ ᠤᠨ ᠠᠵᠤ ᠦᠶᠯᠡᠰ ᠢ ᠦᠨᠡᠨ ᠬᠦ ᠬᠥᠭᠵᠢᠭᠡᠵᠦ  ᠬᠦᠭᠵᠢᠯᠵᠤ ᠪᠤᠢ  ᠃ 2023 ᠤᠨ ᠳᠤ ᠣᠨᠴᠠ ᠪᠠᠶᠢᠳᠠᠭ ᠡᠯᠡᠰᠦᠨ ᠴᠥᠯ ᠤᠨ ᠡᠬᠢ ᠪᠠᠶᠠᠯᠢᠭ ᠲᠤ ᠲᠦᠰᠢᠭᠯᠡᠨ᠂ ᠬᠠᠰ ᠯᠣᠤ ᠡᠯᠡᠰᠦᠨ ᠨᠠᠭᠤᠷ ᠢ 5 A ᠲᠠᠰ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠠᠯᠬᠤᠴᠠ ᠪᠠᠨ ᠲᠦᠷᠭᠡᠳᠬᠡᠵᠦ᠂ 300 ᠺᠢᠯᠣᠮᠧᠲᠷ ᠤᠨ ᠡᠯᠡᠰᠦᠨ ᠴᠥᠯ ᠤᠨ ᠠᠮᠢ ᠠᠬᠤᠶ ᠶᠢᠨ ᠵᠢᠭᠤᠯᠴᠢᠯᠠᠯ ᠤᠨ ᠲᠣᠮᠣ ᠲᠣᠭᠤᠷᠢᠯ ᠱᠤᠭᠤᠮ ᠤᠨ ᠲᠥᠷᠥᠯ ᠵᠦᠶᠯ ᠢ ᠲᠥᠰᠦᠪᠯᠡᠨ ᠬᠡᠷᠡᠭᠵᠢᠭᠦᠯᠵᠦ᠂ ᠤᠯᠤᠰ ᠤᠨ ᠲᠠᠰ ᠤᠨ ᠡᠯᠡᠰᠦᠨ ᠴᠥᠯ ᠤᠨ ᠮᠠᠰᠢᠨ ᠲᠡᠷᠭᠡᠨ ᠬᠡᠭᠡᠷᠡᠯᠡᠬᠦ ᠤᠷᠤᠯᠳᠤᠭᠠᠨ᠂  ᠪᠠᠭᠠᠲᠤᠷᠴᠤᠳ ᠤᠨ ᠴᠤᠭᠯᠠᠭᠠᠨ᠂ ᠡᠯᠡᠰᠦᠨ ᠴᠥᠯ ᠤᠨ ᠪᠠᠷᠲᠠᠭ᠎ᠠ ᠰᠢᠨᠵᠢᠯᠡᠬᠦ᠂ ᠡᠯᠡᠰᠦᠨ ᠴᠥᠯ  ᠤᠨ ᠭᠡᠷᠡᠯ ᠵᠢᠷᠤᠭ᠂ ᠡᠯᠡᠰᠦᠨ ᠨᠠᠭᠤᠷ ᠤᠨ ᠬᠠᠯᠠᠭᠤᠨ ᠷᠠᠰᠢᠶᠠᠨ᠂ ᠨᠤᠭᠤᠨᠵᠠᠶᠠᠭ᠎ᠠ ᠪᠣᠳᠠᠲᠤ ᠦᠵᠡᠮᠵᠢ ᠶᠢᠨ ᠵᠦᠴᠦᠭᠡ ᠵᠡᠷᠭᠡ ᠣᠨᠴᠠᠯᠢᠭᠲᠤ ᠵᠢᠭᠤᠯᠴᠢᠯᠠᠯ ᠤᠨ ᠠᠵᠢᠯᠯᠠᠭ᠎ᠠ ᠶᠢ ᠬᠦᠴᠦᠯᠡᠨ ᠰᠠᠶᠢᠲᠤᠷ ᠡᠷᠭᠢᠯᠡᠵᠦ᠂ 《 ᠡᠯᠡᠰᠦᠨ ᠴᠥᠯ ᠤᠨ ᠥᠩᠭᠡ ᠦᠵᠡᠮᠵᠢ ᠶᠢᠨ ᠲᠤᠶᠢᠯᠰᠢᠷᠠᠯ ᠤᠨ ᠬᠥᠳᠡᠯᠭᠡᠭᠡᠨ ᠤ ᠵᠢᠭᠤᠯᠴᠢᠯᠠᠯ 》 ᠤᠨ ᠲᠠᠰ ᠠᠴᠠ ᠳᠠᠪᠠᠭᠰᠠᠨ IP ᠶᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ  ᠃ ᠬᠤᠩᠱᠠᠨ ᠨᠠᠭᠤᠷ ᠤᠨ ᠦᠵᠡᠮᠵᠢ ᠶᠢᠨ ᠣᠷᠣᠨ  ᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠡᠬᠢᠯᠡᠭᠦᠯᠵᠦ᠂ ᠬᠤᠩᠱᠠᠨ ᠨᠠᠭᠤᠷ ᠤᠨ ᠤᠰᠤᠨ ᠵᠤᠭᠠᠴᠠᠯ᠂ ᠡᠯᠡᠰᠦᠨ ᠲᠠᠩ ᠤᠨ ᠰᠡᠯᠡᠭᠦᠴᠡᠯ ᠤᠨ ᠬᠥᠳᠡᠯᠭᠡᠭᠡᠨ᠂ ᠲᠤᠲᠤᠷᠭ᠎ᠠ ᠶᠢᠨ ᠲᠠᠷᠢᠶ᠎ᠠ ᠨᠠᠭᠤᠷ ᠤᠨ ᠬᠥᠪᠡᠭᠡᠨ ᠳᠠᠬᠢ ᠵᠤᠭᠠᠴᠠᠯ᠂ ᠠᠮᠲᠠᠲᠤ ᠢᠳᠡᠭᠡᠨ ᠤ ᠨᠠᠶᠢᠷ᠂ ᠡᠯᠪᠡᠭ ᠬᠤᠷᠢᠶᠠᠯᠲᠠ ᠶᠢᠨ ᠪᠠᠶᠠᠷ᠂ ᠡᠪᠦᠯ ᠤᠨ ᠵᠢᠭᠠᠰᠤ ᠠᠩᠨᠠᠬᠤ ᠨᠠᠶᠢᠷ᠂ ᠮᠥᠰᠥᠨ ᠳᠡᠭᠡᠷᠡᠬᠢ ᠬᠥᠳᠡᠯᠭᠡᠭᠡᠨ ᠵᠡᠷᠭᠡ ᠡᠵᠡᠩᠨᠡᠯᠲᠡ ᠶᠢᠨ ᠬᠡᠯᠪᠡᠷᠢ ᠶᠢ ᠪᠠᠶᠠᠯᠢᠭᠵᠢᠭᠤᠯᠵᠤ᠂ ᠤᠰᠤᠨ ᠤ ᠠᠮᠢ ᠠᠬᠤᠶ ᠶᠢᠨ 《 ᠳᠥᠷᠪᠡᠨ ᠤᠯᠠᠷᠢᠯ ᠤᠨ ᠪᠡᠶᠡᠴᠢᠯᠡᠨ ᠣᠶᠢᠯᠠᠭᠠᠬᠤ ᠵᠤᠭᠠᠴᠠᠯ 》 ᠤᠨ ᠠᠵᠢᠯ ᠢ ᠰᠠᠶᠢᠲᠤᠷ ᠬᠢᠨ᠎ᠠ  ᠃ ᠬᠤᠩᠱᠠᠨ ᠰᠣᠶᠣᠯ ᠤᠨ ᠠᠭᠤᠳᠠᠮ ᠲᠠᠯᠠᠪᠠᠢ᠂ ᠪᠠᠷᠠᠭᠤᠨ ᠯᠢᠶᠣᠤᠾᠧ ᠭᠤᠣᠯ ᠤᠨ ᠡᠬᠢ ᠶᠢᠨ ᠦᠵᠡᠮᠵᠢ᠂ ᠲᠡᠩᠨᠡᠭᠦᠷ ᠤᠨ ᠭᠤᠣᠯ ᠤᠨ ᠲᠣᠭᠤᠷᠢᠨ ᠦᠵᠡᠬᠦ ᠲᠠᠪᠴᠠᠩ᠂ ᠶᠡᠷᠦᠩᠬᠡᠢᠯᠡᠭᠰᠡᠨ ᠮᠦᠽᠧᠢ ᠵᠡᠷᠬᠡ ᠲᠦᠷᠦᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠳᠤᠮᠳᠠᠳᠤ ᠶᠢᠨ ᠠᠩᠬᠠᠳᠠᠭᠴᠢ ᠯᠣᠣ ᠠᠩᠬᠠᠳᠠᠭᠴᠢ ᠭᠠᠷᠤᠳᠢ ᠶᠢᠨ ᠭᠠᠷᠤᠭᠰᠠᠨ ᠭᠠᠵᠠᠷ ᠤᠨ ᠭᠠᠵᠠᠷ ᠰᠢᠷᠣᠢ ᠶᠢᠨ ᠬᠠᠮᠠᠭᠠᠯᠠᠯᠲᠠ ᠶᠢᠨ ᠦᠵᠡᠭᠦᠯᠦᠯᠭᠡ ᠵᠡᠷᠭᠡ ᠲᠥᠷᠦᠯ ᠵᠦᠢᠯ ᠢ ᠡᠬᠢᠯᠡᠨ ᠬᠡᠷᠡᠭᠵᠢᠭᠦᠯᠵᠦ᠂ ᠶᠢᠨ ᠬᠤ᠋ ᠸᠠᠨ ᠰᠣᠶᠣᠯ ᠵᠤᠭᠠᠴᠠᠯ ᠤᠨ ᠰᠡᠯᠡᠭᠦᠴᠡᠯ ᠤᠨ ᠰᠠᠭᠤᠷᠢᠨ ᠭᠠᠵᠠᠷ᠂ ᠦᠨᠳᠦᠰᠦᠨ ᠰᠡᠶᠢᠯᠦᠮᠡᠯ ᠤᠨ ᠮᠦᠽᠧᠢ᠂ ᠬᠡᠭᠡᠷ᠎ᠡ ᠶᠢᠨ ᠲᠠᠤᠯᠠᠢ ᠶᠢᠨ ᠪᠦᠬᠡᠷ᠎ᠡ ᠶᠢᠨ ᠵᠢᠮᠢᠰ ᠤᠨ ᠣᠢ ᠶᠢᠨ ᠠᠮᠢ ᠠᠬᠤᠢ ᠶᠢᠨ ᠮᠦᠽᠧᠢ ᠶᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ  ᠃ ᠨᠠᠭᠠᠳᠤᠮ ᠤᠨ ᠶᠡᠭᠡ ᠬᠤᠷᠠᠯ᠂ ᠬᠡᠭᠡᠷ᠎ᠡ ᠶᠢᠨ ᠲᠠᠤᠯᠠᠢ ᠶᠢᠨ ᠪᠦᠭᠡᠷ᠎ᠡ ᠶᠢᠨ ᠬᠤᠸᠠᠷ ᠴᠡᠴᠡᠭ ᠤᠨ ᠵᠢᠭᠤᠯᠴᠢᠯᠠᠯ ᠤᠨ ᠨᠠᠶᠢᠷ ᠵᠡᠷᠭᠡ ᠠᠵᠢᠯᠯᠠᠭ᠎ᠠ  ᠶᠢ ᠢᠳᠡᠪᠬᠢᠲᠡᠶ ᠪᠡᠯᠡᠳᠬᠡᠨ ᠡᠷᠭᠢᠯᠡᠵᠦ᠂ ᠪᠥᠬᠦ ᠬᠤᠲᠠ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠢ ᠥᠨᠳᠥᠷ ᠪᠠᠷᠢᠮᠵᠢᠶ᠎ᠠ ᠪᠠᠷ ᠳᠠᠭᠠᠭᠠᠨ ᠡᠷᠭᠢᠯᠡᠵᠦ᠂ ᠰᠠᠴᠢᠨᠲᠠᠯ᠎ᠠ᠂ ᠳᠡᠷᠡᠰᠦ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠢ ᠶᠡᠬᠡᠪᠡᠷ ᠠᠬᠢᠭᠤᠯᠵᠤ᠂ ᠣᠩᠨᠢᠭᠤᠳ ᠬᠤᠷᠢᠮ ᠵᠡᠷᠭᠡ ᠣᠨᠴᠠᠯᠢᠭᠲᠤ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠡᠭᠦᠳᠴᠦ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠴᠢᠩᠭᠠᠳᠬᠠᠵᠤ᠂ 《 ᠲᠦᠷᠪᠡᠨ ᠵᠦᠭ ᠨᠠᠢᠮᠠᠨ ᠵᠣᠪᠬᠢᠰ ᠲᠤ ᠪᠥᠬᠦ ᠣᠷᠣᠨ ᠪᠦᠰᠡ ᠪᠠᠷ ᠵᠤᠭᠠᠴᠠᠵᠤ ᠪᠣᠯᠬᠤ᠂ ᠳᠥᠷᠪᠡᠨ ᠤᠯᠠᠷᠢᠯ ᠳᠤ ᠵᠤᠭᠠᠴᠠᠯ ᠬᠥᠭᠵᠢᠶᠡᠨ ᠲᠠᠢ 》 ᠵᠢᠭᠤᠯᠴᠢᠯᠠᠯ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ  ᠃ ᠠᠷᠠᠯᠵᠢᠶ᠎ᠠ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠲᠥᠯᠥᠪᠵᠢᠭᠦᠯᠦᠨ ᠡᠬᠢᠯᠡᠭᠦᠯᠵᠦ᠂ ᠲᠣᠭᠠᠴᠢᠯᠠᠭᠰᠠᠨ ᠠᠵᠤ ᠦᠢᠯᠡᠰ ᠤᠨ ᠰᠢᠨ᠎ᠡ ᠶᠢ ᠡᠭᠦᠳᠬᠦ ᠠᠭᠤᠰᠤᠯᠴᠠᠯ ᠤᠨ ᠰᠠᠭᠤᠷᠢᠨ ᠭᠠᠵᠠᠷ᠂ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠵᠤ᠂ ᠲᠡᠮᠦᠷ ᠵᠠᠮ ᠤᠨ ᠪᠠᠷᠠᠭ᠎ᠠ ᠶᠢᠨ ᠲᠡᠭᠡᠭᠡᠪᠦᠷᠢ ᠶᠢᠨ ᠲᠥᠪ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ᠂ ᠲᠠᠷᠢᠶᠠᠯᠠᠩ ᠤᠨ ᠪᠦᠲᠦᠭᠡᠭᠳᠡᠬᠦᠨ ᠤ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠵᠡᠷᠭᠡ ᠲᠥᠷᠥᠯ ᠵᠦᠢᠯ ᠢ  ᠨᠠᠶᠢᠳᠠᠪᠤᠷᠢᠵᠢᠭᠤᠯᠤᠨ ᠬᠡᠷᠡᠭᠵᠢᠭᠦᠯᠬᠦ ᠪᠠᠷ ᠴᠢᠷᠮᠠᠶᠢᠨ᠎ᠠ  ᠃ ᠨᠢᠭᠡ ᠪᠦᠯᠦᠭ ᠲᠤᠰᠬᠠᠶ ᠵᠠᠬ᠎ᠠ ᠳᠡᠯᠭᠡᠭᠦᠷ ᠪᠠ ᠬᠦᠶᠲᠡᠨ ᠬᠡᠯᠬᠢᠶᠡᠲᠦ ᠬᠥᠮᠥᠷᠭᠡ ᠶᠢ ᠲᠥᠯᠥᠪᠵᠢᠭᠦᠯᠦᠨ ᠪᠠᠶᠢᠭᠤᠯᠵᠤ᠂ 《 ᠵᠢᠩ ᠳ᠋ᠦᠩ ᠶᠦᠨ ᠼᠠᠩ᠂ ᠮᠧᠩ ᠳ᠋ᠦᠩ ᠨᠢᠭᠡᠳᠦᠭᠡᠷ ᠨᠡᠷᠡᠮᠵᠢᠲᠦ 》 ᠪᠠ ᠲᠠᠷᠢᠶᠠᠯᠠᠩ ᠳᠤ ᠦᠶᠯᠡᠴᠢᠯᠡᠬᠦ ᠲᠥᠪ ᠢ ᠵᠢᠷᠤᠮᠵᠢᠭᠤᠯᠤᠨ ᠠᠵᠢᠯᠯᠠᠭᠤᠯᠵᠤ᠂ ᠣᠲᠣ ᠦᠶ᠎ᠡ ᠶᠢᠨ ᠠᠷᠠᠯᠵᠢᠶ᠎ᠠ ᠬᠤᠳᠠᠯᠳᠤᠭᠠᠨ ᠤ ᠭᠦᠶᠯᠭᠡᠭᠡᠨ ᠤ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ ᠢᠳᠡᠭᠡᠨ ᠤᠮᠳᠠᠭᠠᠨ ᠂ ᠰᠣᠶᠣᠯ ᠲᠠᠮᠢᠷ ᠵᠤᠭ᠎ᠠ ᠴᠡᠩᠭᠡᠯ ᠵᠡᠷᠭᠡ ᠬᠡᠷᠡᠭᠯᠡᠭᠡ ᠶᠢᠨ ᠬᠡᠪ ᠤᠨ ᠪᠠᠶᠢᠳᠠᠯ ᠢ ᠰᠡᠷᠭᠦᠭᠡᠬᠦ ᠶᠢ ᠠᠬᠢᠭᠤᠯᠵᠤ᠂ ᠬᠡᠪᠴᠢᠶ᠎ᠡ ᠠᠴᠠ ᠳᠡᠭᠡᠭᠰᠢᠬᠢ ᠨᠢᠭᠡᠲᠦᠵᠢᠭᠰᠡᠨ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠢ 5 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠦᠨ᠎ᠡ  ᠃ 《 ᠵᠠᠰᠠᠭ ᠪᠠᠩᠬᠢ ᠠᠵᠤ ᠠᠬᠤᠶᠢᠯᠠᠯ 》 ᠢ ᠵᠣᠯᠭᠠᠭᠤᠯᠬᠤ ᠲᠠᠪᠴᠠᠩ ᠢ ᠰᠠᠶᠢᠲᠤᠷ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠡᠭᠡᠭᠡᠯᠲᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ  ᠶᠢ ᠠᠮᠢᠳᠤᠯᠢᠭ ᠪᠥᠭᠡᠳ ᠰᠠᠶᠢᠲᠤᠷ ᠬᠡᠷᠡᠭᠯᠡᠵᠦ᠂ ᠨᠠᠩ ᠣᠯᠠᠨ ᠮᠥᠩᠭᠦᠨ ᠭᠦᠢᠯᠭᠡᠭᠡᠨ ᠤ ᠨᠡᠷᠡᠳᠬᠦᠨ ᠤ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠠᠯᠬᠤᠴᠠ ᠶᠢ ᠲᠦᠷᠭᠡᠳᠬᠡᠵᠦ᠂ ᠲᠠᠷᠢᠶᠠᠯᠠᠩ ᠤᠨ ᠪᠠᠩᠬᠢ ᠶᠢᠨ ᠤᠳᠠᠨᠲᠤᠬᠤᠢ ᠶᠢᠨ ᠦᠢᠯᠡᠴᠢᠯᠡᠭᠡᠨ ᠤ ᠲᠣᠣᠷ ᠴᠢᠭ ᠢ ᠪᠠᠶᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠲᠡᠢ ᠮᠥᠩᠭᠦᠨ ᠭᠦᠢᠯᠭᠡᠭᠡᠨ ᠤ ᠪᠠᠲᠤᠯᠠᠭ᠎ᠠ ᠬᠠᠩᠭᠠᠨ᠎ᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号