ᠤᠩᠨᠢᠭᠤᠳ ᠬᠤᠰᠢᠭᠤ ᠡᠬᠢ ᠪᠠᠶᠠᠯᠢᠭ ᠢ ᠠᠷᠪᠢᠯᠠᠬᠤ  ᠠᠵᠢᠯ ᠢ ᠦᠨᠡᠨᠬᠦ  ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2023/3/20
       ᠤᠩᠨᠢᠭᠤᠳ ᠬᠤᠰᠢᠭᠤ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ 《 ᠲᠠᠪᠤ ᠶᠢ ᠲᠤᠶᠢᠯᠪᠤᠷᠢᠲᠠᠢ ᠪᠠᠶᠢᠴᠠᠭᠠᠬᠤ 》 ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠯ᠎ᠡ ᠲᠦᠷᠦᠯ ᠤᠨ ᠡᠬᠢ ᠪᠠᠶᠠᠯᠢᠭ ᠤᠨ ᠡᠯᠧᠮᠧᠨ᠋ᠲ ᠢ ᠠᠷᠪᠢᠲᠠᠢ ᠡᠷᠴᠢᠮᠯᠢᠭ ᠰᠠᠶᠢᠲᠤᠷ ᠠᠰᠢᠭᠯᠠᠨ᠎ᠠ  ᠃ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ 《 ᠬᠤᠶᠠᠷ ᠲᠡᠷᠢᠭᠦᠨ ᠤ 》 ᠬᠢᠨᠠᠨ ᠪᠠᠶᠢᠴᠠᠭᠠᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠡ ᠶᠢᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠪᠠ ᠰᠢᠨ᠎ᠡ ᠡᠨᠧᠷᠭᠢ ᠪᠠᠷ ᠣᠷᠣᠯᠠᠭᠤᠯᠬᠤ ᠶᠢ ᠲᠦᠷᠭᠡᠳᠬᠡᠨ᠂ 《 ᠬᠤᠶᠠᠷ ᠥᠨᠳᠥᠷ 》 ᠲᠥᠷᠥᠯ ᠵᠦᠢᠯ ᠤᠨ ᠳᠣᠣᠷ᠎ᠠ ᠲᠥᠪᠰᠢᠨ ᠢᠶᠠᠷ ᠰᠣᠬᠤᠷ ᠪᠠᠯᠠᠢ ᠪᠠᠷ ᠬᠥᠭᠵᠢᠬᠦ ᠶᠢ ᠡᠷᠡᠰ  ᠬᠤᠷᠢᠭᠯᠠᠵᠤ ᠪᠠᠶᠢᠨ᠎ᠠ  ᠃ ᠤᠰᠤᠨ  ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠦᠷᠭᠦᠯᠵᠢᠯᠡᠨ ᠬᠡᠷᠡᠭᠵᠢᠭᠦᠯᠵᠦ᠂ ᠤᠰᠤ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ᠂ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠬᠤᠲᠠ ᠪᠠᠯᠭᠠᠰᠤ ᠶᠢᠨ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠪᠠ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠠᠪᠬᠤ ᠶᠢ ᠵᠠᠰᠠᠬᠤ ᠶᠠᠪᠤᠳᠠᠯ ᠢ ᠶᠡᠬᠡᠪᠡᠷ ᠲᠦᠯᠬᠢᠨ ᠠᠬᠢᠭᠤᠯᠵᠤ᠂ ᠳᠠᠬᠢᠯᠲᠠ ᠤᠰᠤ ᠶᠢ ᠠᠰᠢᠭᠯᠠᠬᠤ ᠨᠣᠷᠮ᠎ᠠ ᠶᠢ  ᠲᠡᠭᠡᠭᠰᠢᠯᠡᠬᠦᠯᠵᠤ ᠪᠠᠶᠢᠨ᠎ᠠ᠃ ᠭᠠᠵᠠᠷ ᠰᠢᠷᠣᠶ ᠶᠢ ᠡᠵᠡᠩᠨᠡᠬᠦ ᠣᠶᠢᠯᠠᠭᠠᠭᠳᠠᠬᠤᠨ ᠢ ᠪᠣᠶ ᠪᠣᠯᠭᠠᠵᠤ᠂ ᠭᠠᠵᠠᠷ ᠰᠢᠷᠣᠶ ᠡᠵᠡᠩᠨᠡᠬᠦ ᠠᠵᠢᠯ ᠢ ᠰᠠᠶᠢᠲᠤᠷ ᠬᠢᠵᠦ᠂ ᠭᠠᠵᠠᠷ ᠰᠢᠷᠣᠶ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ 200 ᠮᠥ ᠵᠥᠪᠰᠢᠶᠡᠷᠡᠭᠰᠡᠨ ᠪᠣᠯᠪᠠᠴᠤ ᠬᠠᠩᠭᠠᠭᠠᠳᠤᠶ ᠭᠠᠵᠠᠷ ᠰᠢᠷᠣᠶ  ᠶᠢ ᠰᠢᠩᠭᠡᠭᠡᠵᠦ᠂ 267 ᠮᠥ ᠰᠤᠯᠠ ᠪᠠᠶᠢᠭ᠎ᠠ ᠭᠠᠵᠠᠷ ᠰᠢᠷᠣᠶ ᠶᠢ ᠰᠢᠶᠳᠪᠦᠷᠢᠯᠡᠨ᠂ 8360 ᠮᠥ ᠲᠠᠷᠢᠶᠠᠨ ᠭᠠᠵᠠᠷ  ᠢ ᠨᠥᠭᠡᠴᠡᠯᠡᠬᠦ ᠬᠥᠮᠥᠷᠭᠡ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠨᠡᠮᠡᠭᠳᠡᠯ ᠬᠠᠰᠤᠭᠳᠠᠯ ᠢ 880 ᠮᠥ ᠠᠴᠠ ᠳᠡᠭᠡᠭᠰᠢ ᠬᠡᠷᠡᠭᠵᠢᠭᠦᠯᠦᠨ᠎ᠡ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号