| | 3 ᠰᠠᠷ᠎ᠠ ᠶᠢᠨ 16 ᠤ ᠡᠳᠦᠷ ᠠᠴᠠ 17 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠣᠩᠨᠢᠭᠤᠳ ᠬᠤᠰᠢᠭᠤ ᠪᠣᠯᠤᠨ ᠪᠠᠭᠠᠷᠢᠨ | ᠪᠠᠷᠠᠭᠤᠨ ᠬᠤᠰᠢᠭᠤᠨ ᠳᠤ ᠬᠦᠷᠴᠦ ᠬᠥᠳᠡᠭᠡ ᠲᠤᠰᠬᠤᠨ ᠮᠠᠯᠵᠢᠬᠤ ᠣᠷᠣᠨ ᠤ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠠᠵᠢᠯ ᠢ ᠪᠠᠶᠢᠴᠠᠭᠠᠨ ᠰᠤᠳᠤᠯᠪᠠ᠃ ᠸᠠᠩ ᠸᠠᠩ ᠱᠧᠩ ᠤᠷᠢᠳ ᠬᠤᠵᠢᠳ ᠣᠩᠨᠢᠭᠤᠳ | ᠬᠤᠰᠢᠭᠤᠨ ᠤ ᠬᠠᠶᠢᠯᠠᠰᠤ ᠪᠠᠯᠭᠠᠰᠤᠨ ᠤ ᠬᠠᠶᠢᠯᠠᠰᠤ ᠭᠠᠴᠠᠭ᠎ᠠ᠂ ᠪᠣᠷᠤᠬᠤᠲᠠ ᠪᠠᠯᠭᠠᠰᠤᠨ ᠤ ᠷᠠᠰᠢᠶᠠᠨ ᠭᠠᠴᠠᠭ᠎ᠠ | ᠪᠣᠯᠤᠨ ᠰᠠᠴᠢᠨᠲᠠᠯ᠎ᠠ ᠭᠠᠴᠠᠭ᠎ᠠ᠂ ᠪᠠᠭᠠᠷᠢᠨ ᠪᠠᠷᠠᠭᠤᠨ ᠬᠤᠰᠢᠭᠤᠨ ᠤ ᠴᠠᠭᠠᠨᠮᠥ᠋ᠷᠡᠨ ᠰᠤᠮᠤᠨ ᠤ ᠬᠥᠲᠥᠯ ᠭᠠᠴᠠᠭ᠎ᠠ᠂ | ᠪᠠᠶᠠᠨᠲᠠᠯ᠎ᠠ ᠰᠤᠮᠤ ᠶᠢᠨ ᠪᠣᠮᠲᠤ ᠭᠠᠴᠠᠭ᠎ᠠ ᠳᠤ ᠬᠦᠷᠴᠦ᠂ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ | ᠶᠡᠷᠦᠩᠬᠡᠶᠢᠯᠡᠭᠰᠡᠨ ᠥᠭᠡᠷᠡᠴᠢᠯᠡᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠣᠶᠢᠯᠠᠭᠠᠵᠤ᠂ ᠲᠤᠬᠠᠶ ᠶᠢᠨ | ᠲᠠᠯᠠᠪᠠᠶ ᠳᠤ ᠵᠢᠯᠣᠭᠤᠳᠬᠤ ᠰᠠᠨᠠᠯ ᠪᠠ ᠪᠣᠳᠠᠲᠠᠶ ᠱᠠᠭᠠᠷᠳᠠᠯᠭ᠎ᠠ ᠳᠤᠷᠠᠳᠪᠠ᠃ ᠸᠠᠩ ᠸᠠᠩ ᠱᠧᠩ ᠪᠠᠭᠠᠷᠢᠨ ᠪᠠᠷᠠᠭᠤᠨ | ᠬᠤᠰᠢᠭᠤᠨ ᠳᠤ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠡᠯ᠎ᠡ ᠭᠠᠵᠠᠷ | ᠣᠷᠣᠨ᠂ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠵᠢᠯ ᠤᠨ | ᠰᠡᠳᠬᠢᠴᠡ ᠪᠠᠨ ᠰᠢᠯᠤᠭᠤᠳᠬᠠᠨ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠦᠵᠦ ᠲᠥᠯᠥᠪᠯᠡᠭᠡ ᠪᠠᠨ | ᠴᠢᠩᠭᠠᠳᠬᠠᠨ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠠᠯᠬᠤᠭ᠎ᠠ ᠪᠠᠨ ᠲᠦᠷᠭᠡᠳᠬᠡᠨ ᠠᠬᠢᠭᠤᠯᠵᠤ᠂ ᠬᠠᠮᠲᠤ ᠶᠢᠨ ᠠᠵᠤ ᠠᠬᠤᠢ ᠶᠢ ᠲᠠᠰᠤᠷᠠᠯᠳᠠ | ᠦᠭᠡᠢ ᠬᠥᠭᠵᠢᠭᠦᠯᠦᠨ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠬᠤ ᠬᠡᠷᠡᠭᠲᠡᠢ᠃ ᠲᠤᠷᠰᠢᠯᠲᠠ ᠶᠢᠨ ᠴᠡᠭ ᠢ | ᠰᠠᠶᠢᠲᠤᠷ ᠠᠳᠬᠤᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠲᠥᠷᠥᠯ ᠬᠤᠪᠢᠶᠠᠨ ᠠᠷᠭ᠎ᠠ | ᠪᠣᠳᠣᠯᠭ᠎ᠠ ᠬᠡᠷᠡᠭᠵᠢᠭᠦᠯᠵᠦ᠂ ᠲᠣᠰ ᠲᠣᠰ ᠤᠨ ᠪᠣᠳᠠᠲᠤ ᠪᠠᠶᠢᠳᠠᠯ ᠲᠠᠢ ᠪᠠᠨ ᠨᠡᠶᠢᠴᠡᠭᠰᠡᠨ ᠬᠥᠭᠵᠢᠯᠲᠡ ᠶᠢᠨ ᠵᠠᠮ ᠢ | ᠢᠳᠡᠪᠬᠢᠲᠡᠶ ᠬᠠᠶᠢᠨ ᠰᠦᠪᠡᠭᠴᠢᠯᠡᠵᠦ᠂ ᠬᠠᠮᠲᠤ ᠶᠢᠨ ᠡᠳ᠋ ᠬᠥᠷᠥᠩᠭᠡ ᠶᠢ ᠤᠯᠠᠮ ᠨᠢᠭᠡ ᠠᠯᠬᠤᠮ ᠠᠮᠢᠳᠤᠯᠢᠭ | ᠪᠣᠯᠭᠠᠨ᠂ ᠪᠠᠶᠠᠵᠢᠯ ᠤᠨ ᠠᠵᠤ ᠦᠢᠯᠡᠰ ᠢ ᠰᠢᠰᠲ᠋ᠧᠮ ᠲᠠᠢ ᠲᠥᠯᠥᠪᠵᠢᠭᠦᠯᠵᠦ᠂ ᠮᠠᠯᠴᠢᠨ ᠲᠠᠷᠢᠶᠠᠴᠢᠨ ᠲᠠᠢ ᠨᠢᠭᠲᠠ | ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠤᠨ᠂ ᠠᠷᠠᠳ ᠣᠯᠠᠨ ᠢ ᠨᠠᠩ ᠣᠯᠠᠨ ᠬᠦᠷᠲᠡᠮᠵᠢ ᠶᠢᠨ | ᠲᠥᠷᠥᠭᠳᠡᠯ ᠲᠠᠢ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠥᠭᠡᠷᠡᠴᠢᠯᠡᠯᠲᠡ ᠶᠢ ᠦᠷᠭᠦᠯᠵᠢᠯᠡᠨ ᠯᠠᠪᠳᠠᠭᠤᠨ ᠢᠶᠠᠷ | ᠠᠬᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠶᠢ ᠴᠢᠬᠤᠯᠠᠴᠢᠯᠠᠨ᠂ ᠪᠠᠶᠢᠭᠤᠯᠤᠮᠵᠢ ᠲᠣᠭᠲᠠᠴᠠ ᠶᠢ | ᠲᠡᠭᠦᠯᠳᠡᠷᠵᠢᠭᠦᠯᠵᠦ᠂ ᠤᠯᠠᠨ ᠲᠦᠮᠡᠨ ᠤ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ᠤᠬᠠᠭᠤᠯᠤᠨ | ᠳᠠᠶᠢᠴᠢᠯᠠᠬᠤ ᠶᠢ ᠥᠷᠭᠡᠨ ᠢᠶᠠᠷ ᠥᠷᠨᠢᠭᠦᠯᠦᠨ᠂ ᠥᠭᠡᠷᠡᠴᠢᠯᠡᠯᠲᠡ ᠶᠢᠨ ᠬᠤᠷᠢᠭ᠎ᠠ ᠱᠤᠭᠤᠮ ᠢ ᠡᠷᠡᠰ ᠰᠠᠶᠢᠲᠤᠷ | ᠰᠠᠬᠢᠵᠤ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠣᠳᠠᠲᠠᠢ ᠨᠠᠶᠢᠳᠠᠪᠤᠷᠢᠵᠢᠭᠤᠯᠬᠤ᠂ ᠯᠠᠪᠳᠠᠭᠤᠨ ᠬᠡᠷᠡᠭᠵᠢᠭᠦᠯᠬᠦ᠂ | ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠡᠨᠡ ᠬᠤᠭᠤᠴᠠᠭᠠᠨ ᠳᠤ᠂ | ᠸᠠᠩ ᠸᠠᠩ ᠱᠧᠩ ᠪᠠᠰᠠ ᠣᠶ ᠰᠢᠭᠤᠶ ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ᠂ ᠭᠤᠤᠯ ᠮᠥᠷᠡᠨ ᠨᠠᠭᠤᠷ | ᠴᠥᠭᠦᠷᠥᠮ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠠᠬᠢᠭᠤᠯᠬᠤ᠂ ᠬᠠᠪᠤᠷ ᠤᠨ ᠤᠯᠠᠷᠢᠯ ᠤᠨ ᠣᠶ ᠰᠢᠭᠤᠶ | ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠵᠡᠷᠭᠡ | ᠭᠤᠤᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠭᠰᠡᠨ | ᠪᠥᠭᠡᠳ ᠪᠣᠳᠠᠲᠠᠶ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠹᠦ᠋ ᠱᠸᠦ ᠯᠢ᠂ ᠪᠥᠬᠦ | ᠤᠯᠤᠰ ᠤᠨ ︽ᠬᠥᠳᠡᠭᠡ ᠠᠵᠤ ᠠᠬᠤᠶ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠰᠬᠠᠶ ᠮᠡᠷᠭᠡᠵᠢᠯᠲᠡᠨ | ᠯᠦ ᠱᠦᠶ ᠱᠧᠩ᠂ ᠠᠷᠤ ᠬᠤᠷᠴᠢᠨ ᠬᠤᠰᠢᠭᠤ᠂ ᠪᠠᠭᠠᠷᠢᠨ ᠪᠠᠷᠠᠭᠤᠨ ᠬᠤᠰᠢᠭᠤ᠂ ᠬᠡᠰᠢᠭᠲᠡᠨ ᠬᠤᠰᠢᠭᠤ᠂ | ᠣᠩᠨᠢᠭᠤᠳ ᠬᠤᠰᠢᠭᠤ ᠪᠣᠯᠤᠨ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ | ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠤᠶᠤ ᠶᠠᠷᠢᠯᠴᠠᠬᠤ ᠬᠤᠷᠠᠯ ᠳᠤ ᠣᠷᠣᠯᠴᠠᠪᠠ᠃ | | | | |