ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 3 ᠰᠠᠷ᠎ᠠ ᠳᠤ 2022 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠨᠢᠭᠡᠳᠦᠭᠡᠷ ᠪᠦᠯᠦᠭ ᠤᠨ ᠪᠠᠯᠠ ᠮᠥᠩᠭᠦ ᠶᠢ 3808 . 052 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2023/3/21
              ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠬᠦ ᠲᠤᠬᠠᠶ ᠲᠥᠪ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠲᠠᠷᠢᠶᠠᠯᠠᠩ ᠤᠨ ᠮᠠᠰᠢᠨ ᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠬᠥᠲᠥᠯᠥᠨ ᠳᠠᠭᠠᠭᠤᠯᠬᠤ ᠪᠠ ᠤᠳᠤᠷᠢᠳᠤᠮᠵᠢ ᠶᠢᠨ ᠦᠢᠯᠡᠳᠤᠯ ᠢ ᠬᠦᠢᠴᠡᠳ ᠪᠠᠳᠠᠷᠠᠭᠤᠯᠤᠨ᠂ ᠲᠠᠷᠢᠶᠠᠯᠠᠩ ᠤᠨ ᠣᠳᠣᠬᠢᠴᠢᠯᠠᠯᠲᠠ ᠶᠢ ᠲᠦᠷᠭᠡᠳᠬᠡᠵᠦ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ ᠶᠢ ᠲᠦᠯᠬᠢᠨ ᠠᠬᠢᠭᠤᠯᠵᠤ᠂ ᠲᠠᠷᠢᠶᠠᠯᠠᠩ ᠤᠨ ᠮᠠᠰᠢᠨᠴᠢᠯᠠᠯᠲᠠ ᠶᠢᠨ ᠲᠦᠷᠭᠡᠨ ᠪᠥᠭᠡᠳ ᠰᠠᠶᠢᠨ ᠬᠥᠭᠵᠢᠬᠦ ᠪᠠ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠤᠷᠢᠯᠡᠯ ᠤᠨ ᠬᠦᠴᠦᠨ ᠤ ᠪᠦᠲᠦᠮᠵᠢᠲᠡᠶ ᠳᠡᠭᠡᠭᠰᠢᠯᠡᠬᠦ ᠶᠢ ᠠᠬᠢᠭᠤᠯᠬᠤ ᠶᠢᠨ ᠲᠤᠰᠠᠳᠠ᠂ 2023 ᠣᠨ ᠤ 3 ᠰᠠᠷ᠎ᠠ ᠳᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ 2022 ᠣᠨ ᠤ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢᠨ ᠨᠢᠭᠡᠳᠦᠭᠡᠷ ᠪᠦᠯᠦᠭ ᠤᠨ ᠪᠠᠯᠠ ᠮᠥᠩᠭᠦ ᠶᠢ 3808 . 052 ᠲᠦᠮᠡᠨ ᠲᠥᠭᠦᠷᠢᠭ ᠪᠠᠭᠤᠯᠭᠠᠵᠤ᠂ 2055 ᠲᠠᠷᠢᠶᠠᠴᠢᠨ ᠡᠷᠦᠬᠡ ᠳᠤ ᠠᠰᠢᠭ ᠬᠦᠷᠲᠡᠭᠡᠵᠦ᠂ 2028 ᠰᠠᠭᠤᠷᠢ ᠮᠠᠰᠢᠨ ᠪᠠᠭᠠᠵᠢ ᠨᠥᠬᠦᠪᠥᠷᠢᠯᠡᠪᠡ᠃ ᠲᠠᠷᠢᠶᠠᠯᠠᠩ ᠤᠨ ᠮᠠᠰᠢᠨ ᠬᠤᠳᠠᠯᠳᠤᠨ ᠠᠪᠬᠤ ᠨᠥᠬᠦᠪᠥᠷᠢ ᠶᠢ ᠲᠠᠯᠪᠢᠭᠰᠠᠨ ᠨᠢ ᠥᠷᠭᠡᠨ ᠤᠯᠠᠨ ᠲᠠᠷᠢᠶᠠᠴᠢᠳ ᠤᠨ ᠦᠢᠯᠡᠳᠪᠦᠷᠢᠯᠡᠯ ᠤᠨ ᠢᠳᠡᠪᠬᠢᠵᠢᠯ ᠢ ᠨᠡᠮᠡᠭᠳᠡᠭᠦᠯᠵᠦ᠂ ᠲᠠᠷᠢᠶᠠᠴᠢᠳ ᠤᠨ ᠣᠷᠣᠯᠭ᠎ᠠ ᠳᠤ ᠮᠠᠰᠢ ᠰᠠᠶᠢᠨ ᠠᠬᠢᠭᠤᠯᠬᠤ ᠦᠢᠯᠡᠳᠦᠯ ᠦᠵᠡᠭᠦᠯᠪᠡ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号