| ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 17 ᠤ ᠡᠳᠦᠷ ᠤᠨ ᠮᠡᠳᠡᠭᠡ 3 | ᠳ᠋ᠤᠭᠠᠷ ᠰᠠᠷ᠎ᠠ ᠶᠢᠨ 17 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ ᠰᠢᠨ᠎ᠡ ᠨᠢᠭᠡ | ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠦᠭᠦᠳᠡ ᠬᠤᠷᠠᠯ ᠢ ᠬᠤᠷᠠᠯᠳᠤᠭᠤᠯᠪᠠ᠃ | ᠬᠤᠷᠠᠯ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠤᠳᠤᠷᠢᠳᠬᠤ ᠨᠥᠬᠦᠳ ᠤᠨ ᠠᠵᠢᠯ ᠤᠨ ᠬᠤᠪᠢᠶᠠᠷᠢᠯᠠᠯ ᠪᠠ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠨᠡᠶᠢᠲᠡᠯᠡᠵᠦ᠂ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ︾ ᠢ ᠬᠢᠨᠠᠨ ᠵᠥᠪᠯᠡᠵᠦ ᠪᠠᠲᠤᠯᠠᠭᠠᠳ᠂ | ᠵᠠᠰᠠᠭ ᠤᠨ ᠣᠷᠳᠣᠨ ᠤ ᠠᠵᠢᠯ ᠳᠤ ᠪᠠᠶᠢᠷᠢᠯᠠᠭᠤᠯᠤᠯᠲᠠ ᠬᠢᠵᠡᠢ᠃ ᠯᠢ ᠴᠢᠶᠠᠩ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ | ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ ᠠᠵᠢᠯ ᠢᠶᠠᠨ ᠥᠷᠨᠢᠭᠦᠯᠵᠦ᠂ | ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠬᠦᠰᠡᠯ ᠢ ᠪᠡᠶᠡᠯᠡᠭᠦᠯᠬᠦ ᠶᠢᠨ ᠲᠥᠯᠥᠭᠡ | ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠯᠢ ᠴᠢᠶᠠᠩ ᠵᠢᠭᠠᠬᠤ ᠳᠤ ᠪᠠᠨ᠂ ᠲᠣᠰ | ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠲᠠᠪᠤᠨ ᠵᠢᠯ ᠪᠣᠯ ᠨᠡᠶᠢᠭᠡᠮ ᠵᠢᠷᠤᠮᠲᠤ | ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠬᠢᠯᠡᠯᠲᠡ ᠶᠢᠨ ᠵᠠᠩᠭᠢᠯᠠᠭ᠎ᠠ ᠶᠢᠨ ᠬᠤᠭᠤᠴᠠᠭ᠎ᠠ | ᠮᠥᠨ᠃ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠪᠣᠯ ᠳᠠᠷᠤᠢ ᠨᠠᠮ ᠤᠨ ᠲᠥᠪ ᠬᠤᠷᠢᠶᠠᠨ ᠤ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ᠂ ᠰᠠᠶᠢᠲᠤᠷ ᠨᠠᠶᠢᠳᠠᠪᠤᠷᠢᠵᠢᠭᠤᠯᠬᠤ ᠶᠠᠪᠤᠳᠠᠯ ᠶᠤᠮ᠂ | ᠮᠠᠨ ᠤ ᠨᠥᠬᠦᠳ ᠨᠢᠭᠡᠪᠦᠷᠢ ᠴᠥᠮ ᠰᠠᠶᠢᠲᠤᠷ ᠭᠦᠢᠴᠡᠳᠬᠡᠭᠴᠢ᠂ ᠠᠵᠢᠯᠯᠠᠭᠠᠴᠢ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ᠃ | ᠭᠦᠢᠴᠡᠳᠬᠡᠭᠴᠢ ᠨᠢ ᠳᠠᠷᠤᠢ ᠨᠠᠮ ᠤᠨ ᠲᠥᠪ ᠬᠤᠷᠢᠶᠠᠨ ᠤ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠪᠦᠬᠦ ᠲᠠᠯ᠎ᠠ ᠪᠠᠷ | ᠣᠨᠣᠪᠴᠢᠲᠠᠢ ᠣᠶᠢᠯᠠᠭᠠᠨ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠱᠠᠭᠠᠷᠳᠠᠯᠭ᠎ᠠ ᠨᠤᠭᠤᠳ ᠢ ᠭᠤᠶᠢᠪᠢᠰᠢ ᠦᠭᠡᠢ | ᠨᠠᠶᠢᠳᠠᠪᠤᠷᠢᠵᠢᠭᠤᠯᠬᠤ ᠶᠢᠨ ᠬᠠᠮᠲᠤ ᠪᠦᠲᠦᠭᠡᠯᠴᠢ ᠪᠠᠷ ᠬᠡᠷᠡᠭᠵᠢᠭᠦᠯᠬᠦ ᠴᠢᠳᠠᠪᠤᠷᠢ ᠪᠠᠨ ᠳᠡᠭᠡᠭᠰᠢᠯᠡᠭᠦᠯᠵᠦ᠂ ᠨᠠᠮ ᠤᠨ ᠲᠥᠪ | ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠲᠠᠲᠠᠶᠢᠵᠢᠭᠤᠯᠤᠨ ᠦᠷ᠎ᠡ ᠪᠦᠲᠦᠮᠵᠢ ᠣᠯᠬᠤ ᠶᠢ | ᠪᠠᠲᠤᠯᠠᠬᠤ ᠬᠡᠷᠡᠭᠲᠡᠢ᠃ ᠠᠵᠢᠯᠯᠠᠭᠠᠴᠢ ᠨᠢ ᠳᠠᠷᠤᠢ ᠦᠢᠯᠡ ᠠᠵᠢᠯᠯᠠᠭ᠎ᠠ ᠪᠠᠷ ᠢᠶᠠᠨ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ | ᠨᠠᠮ ᠤᠨ ᠲᠥᠪ ᠬᠤᠷᠢᠶᠠᠨ ᠤ ᠤᠷᠢᠶᠠᠯᠠᠭ᠎ᠠ ᠶᠢ ᠲᠠᠭᠠᠨ᠂ ᠨᠠᠮ ᠤᠨ ᠲᠥᠪ ᠬᠤᠷᠢᠶᠠᠨ ᠤ ᠱᠠᠭᠠᠷᠳᠠᠯᠭ᠎ᠠ ᠶᠢ | ᠲᠤᠭᠤᠰᠢᠯᠠᠭᠤᠯᠵᠤ᠂ ᠡᠷᠬᠡᠪᠰᠢ ᠪᠤᠰᠢᠭᠤ ᠱᠠᠯᠠᠮᠠᠭᠠᠢ ᠪᠥᠭᠡᠳ ᠡᠷᠡᠰ ᠰᠢᠭᠤᠷᠬᠠᠢ ᠪᠠᠶᠢᠵᠤ᠂ ᠨᠠᠮ ᠤᠨ ᠲᠥᠪ ᠬᠤᠷᠢᠶᠠᠨ ᠤ | ᠵᠠᠰᠠᠭ ᠤᠨ ᠵᠠᠷᠯᠢᠭ ᠤᠨ ᠤᠷᠤᠭᠰᠢᠲᠠᠢ ᠶᠠᠪᠤᠭᠳᠠᠬᠤ᠂ ᠵᠠᠷᠯᠢᠭ ᠴᠠᠭᠠᠵᠠ ᠶᠢ ᠴᠢᠩᠭ᠎ᠠ ᠲᠠᠭᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠪᠣᠳᠠᠲᠠᠢ ᠠᠵᠢᠯᠯᠠᠭᠴᠢ ᠨᠢ ᠳᠠᠷᠤᠢ ᠦᠨᠡᠨ ᠬᠦ ᠠᠳᠬᠤᠨ ᠪᠣᠳᠠᠲᠠᠢ ᠬᠢᠵᠦ ᠰᠢᠷᠭᠠᠭᠤ ᠬᠠᠲᠠᠭᠤᠵᠢᠯᠲᠠᠢ | ᠠᠵᠢᠯᠯᠠᠬᠤ ᠪᠠᠷ ᠦᠯᠦ ᠪᠠᠷᠠᠮ ᠴᠢᠳᠠᠮᠠᠭᠠᠢ ᠪᠠᠷ ᠬᠢᠵᠦ ᠪᠦᠲᠦᠭᠡᠨ᠂ ᠲᠡᠦᠬᠡ᠂ ᠦᠢᠯᠡᠳᠦᠯᠭᠡ ᠪᠠ ᠠᠷᠠᠳ ᠲᠦᠮᠡᠨ ᠤ | ᠰᠢᠯᠭᠠᠯᠲᠠ ᠶᠢ ᠳᠠᠪᠠᠵᠤ ᠳᠡᠶᠢᠯᠬᠦ ᠠᠮᠵᠢᠯᠲᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃ ᠯᠢ ᠴᠢᠶᠠᠩ᠂ ᠨᠠᠮ ᠤᠨ | ᠲᠥᠪ ᠬᠤᠷᠢᠶᠠᠨ ᠤ ᠡᠨᠡ ᠵᠢᠯ ᠤᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠯᠭ᠎ᠠ ᠲᠠᠢ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠬᠦᠴᠦᠯᠡᠨ ᠰᠠᠶᠢᠲᠤᠷ ᠠᠳᠬᠤᠵᠤ᠂ ᠰᠢᠨ᠎ᠡ ᠭᠠᠷᠤᠭ᠎ᠠ ᠠᠴᠠ ᠡᠯ᠎ᠡ ᠵᠦᠢᠯ ᠤᠨ ᠠᠵᠢᠯ ᠤᠨ | ᠰᠠᠶᠢᠨ ᠡᠬᠢᠯᠡᠯᠲᠡ ᠲᠠᠢ ᠪᠣᠯᠬᠤ ᠶᠢ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ | ᠴᠢᠬᠤᠯᠠ ᠡᠭᠦᠷᠭᠡ ᠶᠢ ᠴᠢᠩᠭ᠎ᠠ ᠠᠳᠬᠤᠨ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ | ᠤᠷᠤᠭᠰᠢᠯᠠᠬᠤ ᠶᠢ ᠪᠠᠷᠢᠮᠲᠠᠯᠠᠨ᠂ ᠰᠢᠨᠵᠢᠯᠡᠬᠦ ᠤᠬᠠᠭᠠᠨᠴᠢ ᠪᠥᠭᠡᠳ ᠣᠨᠣᠪᠴᠢᠲᠠᠢ ᠪᠠᠷ ᠬᠤᠷᠸ᠎ᠠ ᠲᠦᠷᠦ ᠶᠢᠨ ᠪᠣᠳᠣᠯᠭ᠎ᠠ ᠶᠢ | ᠬᠡᠷᠡᠭᠵᠢᠭᠦᠯᠵᠦ᠂ ᠠᠷᠭ᠎ᠠ ᠪᠣᠳᠣᠯᠭ᠎ᠠ ᠨᠤᠭᠤᠳ ᠢ ᠶᠡᠷᠦᠩᠬᠡᠶᠢᠯᠡᠨ ᠬᠡᠷᠡᠭᠵᠢᠭᠦᠯᠵᠦ ᠪᠠᠶᠢᠭᠠᠳ ᠳᠣᠲᠣᠭᠠᠳᠤ ᠬᠡᠷᠡᠭᠴᠡᠭᠡᠨ ᠤ | ᠳᠠᠯᠳᠠ ᠬᠦᠴᠦᠨ ᠢ ᠪᠠᠳᠠᠷᠠᠭᠤᠯᠤᠨ᠂ ᠠᠵᠤ ᠠᠬᠤᠢ ᠶᠢᠨ ᠠᠵᠢᠯᠯᠠᠭᠠᠨ ᠤ ᠪᠦᠬᠦᠯᠢ ᠴᠣᠭᠴᠠ ᠪᠠᠷ ᠢᠶᠠᠨ ᠦᠷᠭᠦᠯᠵᠢᠯᠡᠨ | ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠠᠵᠤ ᠠᠬᠤᠢ ᠶᠢ ᠬᠥᠭᠵᠢᠭᠦᠯᠬᠦ ᠬᠦᠴᠦᠯᠡᠴᠡ ᠶᠢ ᠪᠣᠳᠠᠲᠤ ᠴᠣᠭᠴᠠᠲᠤ ᠠᠵᠤ | ᠠᠬᠤᠢ ᠳᠡᠭᠡᠷ᠎ᠡ ᠲᠠᠯᠪᠢᠨ᠂ ᠵᠠᠩᠭᠢᠯᠠᠭ᠎ᠠ ᠶᠢᠨ ᠭᠤᠣᠯᠯᠠᠭᠴᠢ ᠮᠡᠷᠭᠡᠵᠢᠯ ᠤᠨ ᠰᠢᠪᠲᠤᠯᠤᠯᠲᠠ ᠶᠢᠨ ᠳᠠᠶᠢᠯᠠᠯᠳᠤᠭᠠᠨ ᠢ ᠰᠠᠶᠢᠲᠤᠷ | ᠬᠢᠵᠦ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ | ᠥᠭᠡᠷᠡᠴᠢᠯᠡᠯᠲᠡ ᠨᠡᠭᠡᠭᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠰᠢᠨ᠎ᠡ ᠨᠢᠭᠡ ᠡᠭᠡᠯᠵᠢ ᠶᠢᠨ ᠥᠭᠡᠷᠡᠴᠢᠯᠡᠯᠲᠡ ᠶᠢ ᠲᠥᠯᠥᠪᠵᠢᠭᠦᠯᠦᠨ ᠬᠡᠷᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠂ ᠭᠠᠳᠠᠭᠠᠳᠤ ᠠᠷᠠᠯᠵᠢᠶ᠎ᠠ ᠭᠠᠳᠠᠭᠠᠳᠤ | ᠪᠡᠯᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ᠃ ᠬᠦᠨᠳᠦ ᠶᠡᠭᠡ ᠠᠶᠤᠯ ᠲᠦᠭᠰᠢᠭᠦᠷᠢ ᠶᠢ | ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠦᠯᠦ ᠭᠠᠷᠭᠠᠬᠤ ᠬᠤᠷᠢᠭ᠎ᠠ | ᠱᠤᠭᠤᠮ ᠢ ᠪᠠᠲᠤ ᠰᠠᠬᠢᠬᠤ ᠬᠡᠷᠡᠭᠲᠡᠢ᠃ ᠲᠠᠷᠢᠶᠠᠯᠠᠩ ᠬᠥᠳᠡᠭᠡ ᠲᠣᠰᠬᠤᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠨ᠂ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ | ᠬᠠᠩᠭᠠᠯᠭ᠎ᠠ ᠶᠢ ᠦᠨᠡᠨ ᠬᠦ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠣᠷᠴᠢᠨ ᠲᠣᠭᠤᠷᠢᠨ ᠤ ᠪᠣᠬᠢᠷᠳᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ | ᠠᠬᠢᠭᠤᠯᠤᠨ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠤᠷᠬᠢᠯ ᠬᠡᠮᠵᠢᠭᠳᠡᠯ ᠠᠴᠠ ᠪᠠᠭᠤᠷᠠᠭᠤᠯᠬᠤ ᠪᠠ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠨᠡᠶᠢᠭᠡᠮ ᠤᠨ ᠦᠢᠯᠡᠰ ᠤᠨ | ᠬᠥᠭᠵᠢᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠡᠯ᠎ᠡ ᠲᠠᠯ᠎ᠠ ᠶᠢᠨ ᠠᠵᠢᠯ ᠤᠳ ᠢ ᠰᠠᠶᠢᠲᠤᠷ ᠬᠢᠵᠦ᠂ | ᠠᠷᠠᠳ ᠲᠦᠮᠡᠨ ᠤ ᠬᠦᠷᠲᠡᠭᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠨ ᠭᠠᠷᠭᠠᠪᠠ᠃ ᠯᠢ ᠴᠢᠶᠠᠩ ᠴᠢᠬᠤᠯᠠᠴᠢᠯᠠᠬᠤ ᠳᠤ ᠪᠠᠨ᠂ ᠵᠠᠰᠠᠭ ᠤᠨ | ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠤᠯᠤᠰ ᠲᠥᠷᠥ ᠶᠢᠨ ᠪᠠᠶᠢᠭᠤᠯᠤᠯᠲᠠ ᠶᠢ | ᠲᠡᠷᠢᠭᠦᠨ ᠪᠠᠶᠢᠷᠢᠨ ᠳᠤ ᠲᠠᠯᠪᠢᠵᠤ᠂ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠤᠨ᠂ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠴᠢᠩᠭ᠎ᠠ ᠪᠠᠷᠢᠮᠲᠠᠯᠠᠨ᠂ ᠪᠦᠲᠦᠭᠡᠯᠴᠢ ᠪᠠᠷ ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠯ᠎ᠡ | ᠵᠦᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ ᠲᠦᠷᠦ ᠶᠢᠨ | ᠶᠠᠪᠤᠳᠠᠯ ᠤᠨ ᠬᠤᠷᠢᠶ᠎ᠠ ᠵᠢᠴᠢ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠨᠥᠬᠦᠳ ᠲᠦᠷᠦᠭᠦᠯᠡᠨ ᠤᠯᠤᠰ ᠲᠦᠷᠦ ᠶᠢ | ᠡᠷᠬᠢᠮᠯᠡᠬᠦ᠂ ᠶᠣᠰᠣ ᠳᠦᠷᠢᠮ ᠢ ᠰᠠᠬᠢᠬᠤ᠂ ᠪᠡᠶ᠎ᠡ ᠪᠠᠨ ᠴᠢᠩᠭ᠎ᠠ ᠱᠠᠭᠠᠷᠳᠠᠬᠤ᠂ ᠬᠤᠪᠢ ᠶᠢᠨ ᠠᠰᠢᠭ ᠢ ᠬᠥᠭᠡᠭᠡᠴᠡᠯᠳᠦᠬᠦ | ᠦᠭᠡᠢ᠂ ᠠᠵᠢᠯᠴᠢ ᠬᠢᠴᠢᠶᠡᠩᠭᠦᠢ ᠪᠠᠷ ᠠᠵᠢᠯᠯᠠᠬᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠰᠤᠷᠲᠠᠯ ᠴᠢᠬᠡᠴᠢ | ᠣᠪᠣᠷ ᠲᠥᠪ᠂ ᠪᠦᠯᠬᠦᠮᠳᠡᠨ ᠲᠡᠮᠡᠴᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠡᠢ᠃ ᠲᠦᠷᠦ ᠶᠢᠨ | ᠶᠠᠪᠤᠳᠠᠯ ᠤᠨ ᠬᠤᠷᠢᠶᠠᠨ ᠤ ᠪᠦᠬᠦᠳᠡ ᠬᠤᠷᠠᠯ ᠤᠨ ᠭᠡᠰᠢᠭᠦᠳ ᠬᠤᠷᠠᠯ ᠳᠤ ᠣᠷᠣᠯᠴᠠᠪᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠪᠤᠰᠤᠳ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠭᠰᠠᠨ ᠪᠠᠶᠢᠨ᠎ᠠ᠃ | | |