| ᠤᠩᠨᠢᠭᠤᠳ ᠬᠤᠰᠢᠭᠤ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ | ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠶ | ᠲᠥᠯᠥᠪᠵᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠪᠠ ᠡᠯᠡᠰᠦᠷᠬᠡᠭᠵᠢᠯ ᠢ ᠰᠡᠷᠭᠡᠶᠢᠯᠡᠨ | ᠡᠯᠡᠰᠦᠷᠬᠡᠭᠵᠢᠯ ᠢ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠶ ᠠᠬᠢᠭᠤᠯᠵᠤ᠂ ᠲᠡᠩᠨᠡᠭᠦᠷ ᠤᠨ ᠭᠤᠤᠯ ᠤᠯᠤᠰ ᠤᠨ | ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ᠂ ᠵᠡᠭᠦᠨ ᠬᠡᠰᠡᠭ ᠤᠨ ᠪᠡᠯᠴᠢᠭᠡᠷ ᠤᠨ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠬᠤ᠂ ᠤᠯᠤᠰ ᠤᠨ ᠲᠠᠰ ᠤᠨ ᠬᠡᠭᠡᠷ᠎ᠡ ᠶᠢᠨ ᠲᠠᠤᠯᠠᠢ ᠶᠢᠨ ᠪᠦᠭᠡᠷ᠎ᠡ ᠦᠷ᠎ᠡ ᠡᠳ᠋ ᠤᠨ ᠡᠬᠢ | ᠪᠠᠶᠠᠯᠢᠭ ᠤᠨ ᠬᠥᠮᠥᠷᠭᠡ ᠵᠡᠷᠭᠡ ᠲᠥᠷᠥᠯ ᠵᠦᠶᠯ ᠢ ᠰᠠᠶᠢᠲᠤᠷ ᠬᠡᠷᠡᠭᠵᠢᠭᠦᠯᠵᠦ᠂ ᠪᠥᠬᠦ ᠵᠢᠯ ᠳᠤ 27 ᠲᠦᠮᠡᠨ ᠮᠥ | ᠡᠯᠡᠰᠦ ᠶᠢ ᠶᠡᠷᠦᠩᠬᠡᠶᠢᠯᠡᠨ ᠵᠠᠰᠠᠵᠤ᠂ ᠣᠶ ᠰᠢᠭᠤᠶ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ 8 . 5 | ᠲᠦᠮᠡᠨ ᠮᠥ ᠨᠡᠮᠡᠭᠳᠡᠭᠦᠯᠵᠦ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠥᠯᠢᠭᠡᠷ ᠳᠠᠭᠤᠷᠢᠶᠠᠯ ᠢᠨᠵᠧᠨᠧᠷᠢᠩ ᠢ | ᠬᠦᠴᠦᠯᠡᠨ ᠪᠠᠶᠢᠭᠤᠯᠤᠨ᠎ᠠ ᠃ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ᠂ ᠣᠶ ᠰᠢᠭᠤᠶ | ᠡᠪᠡᠰᠦ ᠪᠡᠯᠴᠢᠭᠡᠷ ᠤᠨ ᠳᠠᠷᠤᠭ᠎ᠠ ᠶᠢᠨ ᠲᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠮᠠᠯ ᠪᠡᠯᠴᠢᠭᠡᠷ ᠢ | ᠲᠡᠩᠴᠡᠭᠦᠷᠢᠲᠡᠶ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ | ᠶᠢ ᠴᠢᠩᠭ᠎ᠠ ᠬᠡᠷᠡᠭᠵᠢᠭᠦᠯᠵᠦ᠂ 《 ᠭᠤᠤᠯ ᠢᠶᠠᠷ ᠭᠤᠤᠯ ᠢ ᠵᠠᠰᠠᠬᠤ 》 ᠵᠠᠰᠠᠯᠲᠠ ᠶᠢᠨ ᠵᠠᠭᠪᠤᠷ ᠢ ᠰᠦᠪᠡᠭᠴᠢᠯᠡᠨ | ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠤ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠦᠷᠢᠨᠰᠢᠭᠦᠯᠦᠨ᠎ᠡ ᠃ ᠬᠠᠶᠠᠭᠳᠠᠮᠠᠯ ᠠᠭᠤᠷᠬᠠᠶ ᠶᠢ ᠵᠠᠰᠠᠬᠤ᠂ ᠪᠣᠬᠢᠷᠲᠤᠯ ᠥᠬᠡᠶ ᠠᠭᠤᠷᠬᠠᠶ ᠶᠢ | ᠪᠥᠲᠥᠭᠡᠨ ᠪᠠᠶᠢᠭᠤᠯᠬᠤ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠦᠨ᠎ᠡ ᠃ 《 ᠰᠢᠨ᠎ᠡ ᠡᠨᠧᠷᠭᠢ + ᠠᠮᠢ ᠠᠬᠤᠢ | ᠶᠢᠨ ᠡᠯᠡᠰᠦ ᠵᠠᠰᠠᠬᠤ + ᠡᠪᠡᠰᠦ ᠪᠣᠷᠳᠤᠭ᠎ᠠ ᠲᠠᠷᠢᠬᠤ + ᠤᠨᠴᠠᠯᠢᠬᠳᠤ ᠲᠡᠵᠢᠭᠡᠨ ᠦᠷᠡᠵᠢᠭᠦᠯᠬᠦ + ᠡᠯᠡᠰᠦᠨ ᠤ | ᠠᠮᠢ ᠠᠬᠤᠢ ᠶᠢᠨ ᠵᠢᠭᠤᠯᠴᠢᠯᠠᠯ 》 ᠤᠨ ᠡᠷᠬᠢᠯᠳᠡᠳᠤ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠢ | ᠳᠡᠯᠭᠡᠷᠡᠭᠦᠯᠵᠦ᠂ ᠤᠢ ᠰᠢᠭᠤᠢ ᠵᠢᠮᠢᠰ᠂ ᠤᠢ ᠰᠢᠭᠤᠢ᠂ ᠡᠪᠡᠰᠦᠨ ᠤ ᠦᠢᠯᠡᠰ ᠪᠣᠯᠤᠨ ᠡᠯᠡᠰᠦᠷᠬᠡᠭ ᠭᠠᠵᠠᠷ ᠤᠨ | ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠠᠮᠢ ᠠᠬᠤᠢ ᠶᠢᠨ ᠦᠷ᠎ᠡ ᠠᠰᠢᠭ ᠢ ᠠᠵᠤ ᠠᠬᠤᠢ ᠶᠢᠨ ᠦᠷ᠎ᠡ | ᠠᠰᠢᠭ᠂ ᠨᠡᠶᠢᠭᠡᠮ ᠤᠨ ᠦᠷ᠎ᠡ ᠠᠰᠢᠭ ᠪᠣᠯᠭᠠᠨ ᠨᠡᠩ ᠰᠠᠶᠢᠨ ᠬᠤᠪᠢᠷᠠᠭᠤᠯᠬᠤ ᠪᠠᠷ ᠴᠢᠷᠮᠠᠶᠢᠨ᠎ᠠ ᠃ |