ᠤᠩᠨᠢᠭᠤᠳ ᠬᠤᠰᠢᠭᠤ ᠬᠤᠲᠠ ᠶᠢᠨ ᠰᠢᠨᠡᠴᠢᠯᠡᠯᠲᠡ ᠶᠢ ᠥᠨᠳᠥᠷ ᠪᠦᠲᠦᠮᠵᠢᠲᠡᠶ  ᠲᠦᠷᠭᠡᠳᠭᠡᠵᠤ ᠪᠤᠢ
ᠨᠡᠶᠢᠲᠡᠯᠡᠭᠰᠡᠨ ᠴᠠᠭ᠄
2023/3/23
            ᠤᠩᠨᠢᠭᠤᠳ ᠬᠤᠰᠢᠭᠤ ᠰᠢᠨᠬᠤᠸᠠ ᠵᠡᠭᠡᠯᠢ ᠶᠢᠨ ᠵᠡᠭᠦᠨ ᠬᠡᠰᠡᠭ ᠵᠢᠴᠢ ᠪᠠᠷᠠᠭᠤᠨ ᠬᠡᠰᠡᠭ᠂ ᠴᠢᠤᠸᠠᠨ ᠨᠢᠩ ᠵᠠᠮ ᠤᠨ ᠡᠮᠦᠨ᠎ᠡ ᠬᠡᠰᠡᠭ᠂ ᠰᠢᠶᠠᠩ ᠶᠠᠩ ᠵᠡᠭᠡᠯᠢ ᠶᠢᠨ ᠳᠤᠮᠳᠠ ᠬᠡᠰᠡᠭ ᠢ ᠥᠭᠡᠷᠡᠴᠢᠯᠡᠬᠦ ᠵᠡᠷᠭᠡ ᠲᠦᠷᠦᠯ ᠵᠦᠢᠯ ᠢ ᠲᠥᠰᠦᠪᠯᠡᠨ ᠬᠡᠷᠡᠭᠵᠢᠭᠦᠯᠵᠦ᠂ ᠰᠢᠷᠠᠮᠥ᠋ᠷᠡᠨ ᠵᠡᠭᠡᠯᠢ᠂ ᠰᠢᠶᠠᠩ ᠶᠠᠩ ᠵᠡᠭᠡᠯᠢ ᠶᠢᠨ ᠵᠡᠭᠦᠨᠰᠢ ᠨᠡᠪᠲᠡᠷᠡᠬᠦ᠂ ᠯᠢᠦ ᠯᠢᠨ ᠵᠠᠮ᠂ ᠡᠾᠦ᠋ᠢ ᠮᠢᠨ ᠵᠠᠮ ᠤᠨ ᠤᠮᠠᠷᠠᠰᠢ ᠨᠡᠪᠲᠡᠷᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠲᠡᠷᠭᠡ ᠨᠡᠪᠲᠡᠷᠡᠭᠦᠯᠬᠦ ᠶᠢ ᠠᠬᠢᠭᠤᠯᠤᠨ᠎ᠠ  ᠃ ᠬᠤᠲᠠ ᠶᠢᠨ ᠲᠣᠭᠤᠷᠢᠭ ᠤᠨ ᠤᠰᠤ ᠬᠠᠩᠭᠠᠬᠤ ᠦᠢᠯᠡᠳᠪᠦᠷᠢ ᠶᠢ ᠨᠡᠭᠦᠯᠭᠡᠨ ᠪᠠᠶᠢᠭᠤᠯᠬᠤ ᠶᠢ ᠡᠬᠢᠯᠡᠨ ᠬᠡᠷᠡᠭᠵᠢᠭᠦᠯᠵᠦ᠂ ᠲᠡᠮᠦᠷ ᠵᠠᠮ ᠤᠨ ᠠᠶᠠᠨᠴᠢᠳ ᠲᠡᠭᠡᠭᠡᠪᠦᠷᠢ ᠶᠢᠨ ᠥᠷᠲᠡᠭᠡᠨ ᠤ ᠡᠮᠦᠨᠡᠬᠢ ᠠᠭᠤᠳᠠᠮ ᠲᠠᠯᠠᠪᠠᠢ ᠵᠡᠷᠭᠡ ᠲᠥᠷᠦᠯ ᠵᠦᠢᠯ ᠢ ᠡᠬᠢᠯᠡᠨ ᠬᠡᠷᠡᠭᠵᠢᠭᠦᠯᠵᠦ᠂ 1994 ᠬᠠᠭᠤᠴᠢᠨ ᠰᠠᠭᠤᠭᠠᠯᠢ ᠲᠣᠭᠤᠷᠢᠭ ᠤᠨ 18 . 5 ᠲᠦᠮᠡᠨ ᠲᠡᠭᠰᠢ ᠳᠥᠷᠪᠡᠯᠵᠢᠨ ᠮᠧᠲᠷ ᠢ ᠦᠭᠡᠷᠡᠴᠢᠯᠡᠨ ᠵᠠᠰᠠᠵᠤ᠂ ᠭᠠᠵᠠᠷ ᠳᠣᠣᠷᠠᠬᠢ ᠡᠯ᠎ᠡ ᠲᠥᠷᠥᠯ ᠤᠨ ᠬᠤᠭᠤᠯᠠᠢ ᠶᠢᠨ ᠲᠣᠣᠷ  ᠢ 2 ᠲᠦᠮᠡᠨ  ᠮᠧᠲᠷ ᠰᠢᠨ᠎ᠡ ᠪᠠᠷ ᠨᠡᠮᠡᠭᠳᠡᠭᠦᠯᠵᠦ᠂ 9 ᠲᠦᠮᠡᠨ ᠲᠡᠭᠰᠢ ᠳᠥᠷᠪᠡᠯᠵᠢᠨ ᠮᠧᠲᠷ ᠭᠡᠷ ᠬᠥᠷᠥᠩᠭᠡ ᠶᠢᠨ ᠨᠡᠭᠡᠭᠡᠨ ᠠᠰᠢᠭᠯᠠᠯᠲᠠ ᠶᠢ  ᠬᠢᠵᠤ ᠪᠠᠶᠢᠨ᠎ᠠ  ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠭᠤᠷᠪᠠᠨ ᠵᠢᠯ  ᠤᠨ ᠠᠵᠢᠯᠯᠠᠭ᠎ᠠ ᠶᠢ ᠯᠠᠪᠳᠠᠭᠤᠨ ᠪᠠᠲᠤᠲᠠᠶ ᠦᠷᠨᠢᠭᠦᠯᠦᠨ᠎ᠡ᠂ ᠳᠤᠷ᠎ᠠ ᠪᠠᠷ ᠢᠶᠠᠨ ᠪᠠᠷᠢᠯᠭ᠎ᠠ ᠪᠠᠷᠢᠬᠤ᠂ ᠵᠠᠮ ᠬᠠᠷᠢᠯᠴᠠᠭ᠎ᠠ ᠲᠦᠭᠵᠢᠷᠡᠬᠦ᠂ ᠱᠤᠤᠭᠢᠶᠠᠨ ᠢᠶᠠᠷ ᠠᠷᠠᠳ ᠢ ᠦᠢᠮᠡᠭᠦᠯᠬᠦ᠂ ᠠᠰᠠᠷ ᠳᠡᠭᠡᠷ᠎ᠡ ᠠᠴᠠ ᠤᠳᠠᠰᠤ ᠪᠠᠭᠤᠯᠭᠠᠨ ᠴᠠᠬᠢᠯᠭᠠᠨ ᠴᠡᠨᠡᠭᠯᠡᠬᠦ ᠵᠡᠷᠭᠡ ᠬᠤᠲᠠ ᠶᠢᠨ ᠠᠷᠬᠠᠭ ᠬᠡᠮ ᠢ ᠬᠦᠴᠦᠲᠡᠶ ᠴᠡᠭᠴᠡᠯᠡᠨ ᠵᠠᠰᠠᠵᠤ᠂ ᠴᠢᠬᠤᠯᠠ ᠲᠠᠯᠠᠪᠤᠷ ᠭᠠᠵᠠᠷ ᠲᠤ ᠲᠡᠷᠭᠡ ᠵᠣᠭᠰᠣᠬᠤ ᠪᠠ ᠵᠠᠰᠠᠮᠠᠯ ᠵᠠᠮ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ 3 ᠵᠤᠷᠪᠤᠰ ᠵᠡᠭᠡᠯᠢ ᠭᠤᠳᠤᠮᠵᠢ ᠶᠢ ᠵᠠᠰᠠᠵᠤ᠂ ᠤᠶᠤᠨᠲᠤ ᠬᠤᠲᠠ ᠶᠢᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠰᠢᠭᠤ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ  ᠲᠡᠭᠡᠭᠰᠢᠯᠡᠬᠦᠯᠵᠤ ᠪᠠᠶᠢᠨ᠎ᠠ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号