| ᠦᠩᠭᠡᠷᠡᠭᠰᠡᠨ ᠨᠢᠭᠡ ᠵᠢᠯ ᠤᠨ ᠲᠤᠷᠰᠢ᠂ ᠤᠩᠨᠢᠭᠤᠳ ᠬᠤᠰᠢᠭᠤ 《 ᠠᠷᠪᠠᠨ ᠳᠥᠷᠪᠡᠳᠦᠭᠡᠷ | ᠲᠠᠪᠤᠨ ᠵᠢᠯ 》 ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠵᠤ ᠲᠠᠭᠤᠰᠬᠠᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ | ᠶᠢᠨ ᠣᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ᠂ ᠥᠪᠡᠷᠲᠡᠭᠡᠨ ᠵᠠᠰᠠᠬᠤ | ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠠᠴᠠ ᠬᠠᠷᠢᠭᠤ | ᠲᠤᠰᠬᠠᠭᠰᠠᠨ ᠠᠰᠠᠭᠤᠳᠠᠯ᠂ ᠣᠶ ᠰᠢᠭᠤᠶ ᠡᠪᠡᠰᠦ ᠪᠡᠯᠴᠢᠭᠡᠷ ᠤᠨ ᠲᠤᠰᠬᠠᠶ ᠴᠡᠭᠴᠡᠯᠡᠨ ᠵᠠᠰᠠᠬᠤ ᠠᠰᠠᠭᠤᠳᠠᠯ ᠢ | ᠪᠦᠬᠦᠨ ᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠪᠠ ᠃ ᠴᠢᠶᠤᠤ ᠲᠸᠤ ᠶᠢᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠂ ᠬᠦᠷᠢᠶᠡᠯᠡᠩ ᠲᠣᠭᠤᠷᠢᠭ ᠤᠨ | ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠽᠢ ᠴᠧᠩ ᠤᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ | ᠲᠠᠯᠠᠪᠠᠢ ᠶᠢ ᠡᠬᠢᠯᠡᠨ ᠪᠠᠶᠢᠭᠤᠯᠵᠤ᠂ 6 ᠰᠢᠶᠠᠩ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ | ᠵᠢᠷᠤᠮᠵᠢᠭᠤᠯᠤᠨ ᠠᠵᠢᠯᠯᠠᠭᠤᠯᠪᠠ ᠃ ᠲᠡᠦᠬᠡᠨ ᠦᠯᠡᠳᠡᠭᠳᠡᠯ ᠪᠠ ᠬᠠᠷᠢᠭᠤᠴᠠᠯᠭ᠎ᠠ ᠥᠬᠡᠶ 45 ᠭᠤᠤᠯ ᠴᠣᠭᠴᠠᠲᠤ | ᠠᠭᠤᠷᠬᠠᠶ ᠶᠢ ᠵᠠᠰᠠᠵᠤ᠂ 1 ᠰᠠᠭᠤᠷᠢ ᠪᠣᠬᠢᠷᠲᠤᠯ ᠥᠬᠡᠶ ᠠᠭᠤᠷᠬᠠᠶ ᠶᠢ ᠪᠠᠶᠢᠭᠤᠯᠪᠠ ᠃ 《 ᠭᠤᠤᠯ ᠮᠥᠷᠡᠨ | ᠨᠠᠭᠤᠷ ᠴᠥᠭᠦᠷᠥᠮ ᠤᠨ ᠳᠠᠷᠤᠭ᠎ᠠ + ᠣᠶ ᠰᠢᠭᠤᠶ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ | ᠳᠠᠷᠤᠭ᠎ᠠ 》 ᠶᠢᠨ ᠬᠠᠮᠵᠢᠯᠴᠠᠬᠤ ᠲᠣᠭᠲᠠᠴᠠ ᠲᠠᠰᠤᠷᠠᠯᠲᠠ ᠥᠬᠡᠶ ᠭᠦᠨᠵᠡᠭᠡᠶᠢᠷᠡᠵᠦ᠂19 ᠪᠣᠬᠢᠷᠲᠤᠯ | ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠵᠤ ᠳᠠᠭᠤᠰᠬᠠᠪᠠ ᠃ 5 . 8 ᠲᠦᠮᠡᠨ ᠮᠦ ᠡᠯᠡᠰᠦᠷᠬᠡᠭ ᠭᠠᠵᠠᠷ ᠢ | ᠶᠡᠷᠦᠩᠬᠡᠶᠢᠯᠡᠨ ᠵᠠᠰᠠᠵᠤ᠂ ᠪᠤᠷᠤᠬᠤᠲᠠ ᠠᠴᠠ ᠪᠠᠶᠠᠨᠲᠤᠬᠤᠢ ᠬᠦᠷᠬᠦ ᠵᠠᠮ ᠤᠨ ᠡᠯᠡᠰᠦ ᠶᠢ ᠵᠠᠰᠠᠬᠤ ᠠᠵᠢᠯ ᠳᠡᠭᠡᠳᠦ | ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠨᠣᠲᠠᠯᠠᠯᠲᠠ ᠶᠢ ᠣᠯᠪᠠ ᠃ | ᠲᠠᠴᠢᠷᠳᠠᠭᠰᠠᠨ ᠣᠶ ᠰᠢᠭᠤᠶ ᠶᠢ 2 . 2 ᠲᠦᠮᠡᠨ ᠮᠥ ᠥᠭᠡᠷᠡᠴᠢᠯᠡᠨ ᠵᠠᠰᠠᠵᠤ᠂ ᠪᠥᠬᠦ ᠬᠤᠲᠠ ᠶᠢᠨ ᠨᠢᠭᠡᠳᠦᠭᠡᠷ ᠲᠤ | ᠣᠷᠣᠪᠠ᠂ ᠪᠥᠬᠦ ᠬᠤᠲᠠ ᠶᠢᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ᠂ ᠪᠥᠬᠦ ᠬᠤᠲᠠ ᠶᠢᠨ ᠬᠠᠪᠤᠷ ᠤᠨ | ᠤᠯᠠᠷᠢᠯ ᠤᠨ ᠣᠶᠢᠵᠢᠭᠤᠯᠤᠯᠲᠠ ᠵᠢᠴᠢ ᠲᠠᠴᠢᠷᠳᠠᠭᠰᠠᠨ ᠣᠶ ᠰᠢᠭᠤᠶ ᠶᠢ ᠥᠭᠡᠷᠡᠴᠢᠯᠡᠨ ᠵᠠᠰᠠᠬᠤ ᠲᠤᠬᠠᠶ ᠶᠢᠨ | ᠲᠠᠯᠠᠪᠠᠶ ᠶᠢᠨ ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠪᠡ᠃ ᠤᠯᠤᠰ ᠤᠨ ᠭᠤᠣᠯᠳᠠᠯᠭ᠎ᠠ ᠲᠠᠢ ᠠᠮᠢ | ᠠᠬᠤᠢ ᠶᠢᠨ ᠴᠢᠳᠠᠮᠵᠢᠲᠤ ᠣᠷᠣᠨ ᠤ ᠰᠢᠶᠠᠨ ᠤ ᠬᠡᠪᠴᠢᠶᠡᠨ ᠤ ᠬᠢᠨᠠᠨ ᠰᠢᠯᠭᠠᠯᠲᠠ ᠪᠦᠬᠦ ᠣᠷᠣᠨ ᠤ ᠨᠢᠭᠡᠳᠦᠭᠡᠷ ᠲᠤ | ᠣᠷᠣᠵᠤ᠂ ᠪᠦᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠨ ᠭᠠᠮᠨᠠᠭᠰᠠᠨ ᠡᠷᠴᠢᠮᠵᠢᠭᠦᠯᠦᠭᠰᠡᠨ ᠵᠢᠱᠢᠶ᠎ᠡ | ᠦᠵᠡᠭᠦᠯᠬᠦ ᠰᠢᠶᠠᠨ ᠢᠶᠠᠷ ᠦᠨᠡᠯᠡᠭᠳᠡᠪᠡ ᠃ |