2022 ᠤᠨ ᠳᠤ ᠤᠩᠨᠢᠭᠤᠳ ᠬᠤᠰᠢᠭᠤ ᠠᠷᠠᠳ ᠲᠦᠮᠡᠨ ᠢ ᠳᠡᠭᠡᠳᠦᠯᠡᠬᠦ ᠶᠢ ᠪᠠᠲᠤ ᠪᠠᠷᠢᠮᠲᠠᠯᠠᠵᠤ᠂ ᠬᠢᠵᠠᠭᠠᠷ ᠲᠠᠢ ᠡᠳ᠋ ᠤᠨ ᠬᠦᠴᠦᠨ ᠢᠶᠠᠨ ᠠᠷᠠᠳ ᠤᠨ ᠠᠮᠢᠳᠤᠷᠠᠯ ᠳᠡᠭᠡᠷ᠎ᠡ ᠬᠡᠷᠡᠭᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠦᠪᠰᠢᠨ ᠦᠷᠭᠦᠯᠵᠢᠯᠡᠨ ᠳᠡᠭᠡᠭᠰᠢᠯᠡᠪᠡ
ᠨᠡᠶᠢᠲᠡᠯᠡᠭᠰᠡᠨ ᠴᠠᠭ᠄
2023/3/23
     ᠤᠩᠨᠢᠭᠤᠳ ᠬᠤᠰᠢᠭᠤᠨ ᠤ 2022 ᠤᠨ ᠤ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 35 . 5 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠵᠠᠷᠤᠯᠭ᠎ᠠ ᠶᠢᠨ 80 % ᠶᠢ ᠡᠵᠡᠯᠡᠪᠡ  ᠃ ᠰᠢᠨᠡᠰᠦ᠋ᠮ᠎ᠡ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠰᠢᠨᠡᠰᠦ᠋ᠮ᠎ᠡ ᠬᠡᠦᠬᠡᠳ ᠤᠨ ᠴᠡᠴᠡᠷᠯᠢᠭ ᠵᠡᠷᠭᠡ ᠲᠥᠷᠥᠯ ᠵᠦᠢᠯ ᠤᠷᠤᠭᠰᠢᠲᠠᠢ ᠪᠠᠷ ᠪᠠᠷᠢᠯᠭ᠎ᠠ ᠳᠠᠭᠤᠰᠴᠤ᠂ ᠵᠢᠶᠧ ᠹᠠᠩ ᠶᠢᠩ  ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠳ᠋ᠠᠰᠢᠩ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ 10 ᠰᠤᠷᠭᠠᠭᠤᠯᠢ ᠶᠢᠨ ᠴᠡᠪᠡᠷ ᠡᠨᠧᠷᠭᠢ ᠶᠢᠨ ᠳᠤᠯᠠᠭᠠᠯᠠᠭ᠎ᠠ  ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠪᠥᠬᠦ ᠬᠤᠰᠢᠭᠤᠨ ᠤ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ ᠠᠳᠠᠯᠢ ᠬᠤᠭᠤᠴᠠᠭᠠᠨ ᠤ ᠬᠢ ᠠᠴᠠ 12 . 7 % ᠪᠠᠷ ᠨᠡᠮᠡᠭᠳᠡᠪᠡ  ᠃ ᠬᠤᠰᠢᠭᠤᠨ ᠤ ᠡᠮᠨᠡᠯᠭᠡ ᠶᠢᠨ ᠬᠤᠷᠢᠶᠠᠨ ᠤ ᠥᠷᠭᠡᠳᠬᠡᠨ ᠪᠠᠶᠢᠭᠤᠯᠬᠤ ᠲᠥᠷᠥᠯ ᠵᠦᠶᠯ ᠪᠦᠬᠦᠨ ᠢᠶᠠᠷ ᠢᠶᠠᠨ ᠪᠠᠷᠢᠯᠭ᠎ᠠ ᠳᠠᠭᠤᠰᠴᠤ᠂ ᠡᠮᠡᠭᠲᠡᠶᠢᠴᠦᠳ ᠬᠡᠦᠬᠡᠳ ᠤᠨ ᠡᠮᠨᠡᠯᠭᠡ ᠶᠢᠨ ᠬᠤᠷᠢᠶ᠎ᠠ᠂ ᠵᠡᠮᠳᠡᠭᠴᠦᠳ  ᠤᠨ ᠡᠷᠡᠭᠦᠯᠵᠢᠯ ᠤᠨ ᠲᠥᠪ᠂ ᠣᠷᠣᠰᠢᠭᠤᠯᠭ᠎ᠠ ᠶᠢᠨ ᠭᠠᠵᠠᠷ ᠤᠨ ᠶᠡᠷᠦᠩᠬᠡᠶᠢᠯᠡᠭᠰᠡᠨ ᠠᠰᠠᠷ ᠪᠠᠶᠢᠭᠤᠯᠤᠭᠳᠠᠨ ᠠᠰᠢᠭᠯᠠᠯᠲᠠ ᠳᠤ ᠣᠷᠤᠪᠠ᠂ ᠬᠢᠵᠢᠭ ᠢ ᠰᠡᠷᠭᠡᠶᠢᠯᠡᠨ ᠡᠵᠡᠮᠳᠡᠬᠦ ᠲᠥᠪ᠂ ᠡᠪᠡᠳᠴᠢᠨ ᠢ ᠰᠡᠷᠭᠡᠶᠢᠯᠡᠨ ᠵᠠᠰᠠᠬᠤ ᠲᠥᠪ᠂ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠨ ᠵᠠᠰᠠᠬᠤ ᠲᠥᠪ᠂ ᠨᠠᠰᠤᠲᠠᠶᠢᠴᠤᠳ ᠢ ᠠᠰᠠᠷᠠᠨ ᠰᠤᠪᠢᠯᠠᠬᠤ ᠬᠦᠷᠢᠶᠡᠯᠡᠩ ᠵᠡᠷᠭᠡ ᠲᠥᠷᠥᠯ ᠵᠦᠶᠯ ᠯᠠᠪᠳᠠᠭᠤᠨ ᠪᠠᠲᠤᠲᠠᠶ ᠠᠭᠢᠪᠠ  ᠃ ᠳ᠋ᠠᠰᠢᠩ ᠲᠠᠷᠢᠶᠠᠯᠠᠩ ᠤᠨ ᠲᠠᠯᠠᠪᠠᠶ ᠶᠢᠨ 7 ᠬᠤᠪᠢᠶᠠᠷᠢ ᠲᠠᠯᠠᠪᠠᠶ ᠳᠤ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢ ᠬᠡᠷᠡᠭᠵᠢᠭᠦᠯᠪᠡ᠃ 1503 ᠡᠷᠦᠬᠡ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ᠂ 57 ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ᠂ 36 ᠡᠷᠦᠬᠡ ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ  ᠃ ᠪᠦᠬᠦ ᠵᠢᠯ ᠳᠤ ᠡᠯ᠎ᠡ ᠲᠥᠷᠥᠯ ᠤᠨ ᠠᠵᠢᠯ ᠣᠯᠭᠤᠯᠲᠠ ᠳᠤ ᠰᠢᠨ᠎ᠡ ᠪᠠᠷ 2763 ᠬᠥᠮᠦᠨ ᠨᠡᠮᠡᠭᠳᠡᠵᠦ᠂ ᠠᠵᠢᠯ ᠣᠯᠬᠤ ᠳᠤ ᠬᠦᠴᠢᠷᠲᠡᠢ ᠴᠡᠷᠢᠭ ᠠᠴᠠ ᠬᠠᠯᠠᠭᠳᠠᠭᠰᠠᠨ 219 ᠬᠥᠮᠦᠨ ᠳᠤ ᠳᠠᠬᠢᠨ ᠠᠵᠢᠯ ᠣᠯᠭᠤᠵᠤ᠂ 6 . 5 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ  ᠃ ᠡᠯ᠎ᠡ ᠲᠥᠷᠥᠯ ᠤᠨ ᠠᠪᠤᠷᠠᠨ ᠲᠤᠰᠠᠯᠠᠬᠤ ᠨᠦᠬᠦᠪᠦᠷᠢ  ᠪᠡᠯᠡ ᠮᠥᠩᠭᠦ ᠶᠢ 16 . 3 ᠳ᠋ᠦᠩᠰᠢᠭᠤᠷ ᠲᠥᠭᠦᠷᠢᠭ ᠲᠠᠷᠬᠠᠭᠠᠪᠠ  ᠃  ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠦᠷᠭᠦᠯᠵᠢᠯᠡᠨ ᠪᠠᠬᠢᠵᠢᠵᠦ᠂ 《 ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ 》 ᠶᠢᠨ ᠢᠷᠠᠭᠤ ᠠᠯᠳᠠᠷ ᠢ ᠬᠦᠷᠲᠡᠪᠡ  ᠃ ᠠᠶᠤᠯᠭᠦᠢ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠤᠷᠤᠭᠰᠢᠲᠠᠶ ᠪᠡᠶᠡᠯᠡᠭᠦᠯᠵᠦ᠂ ᠥᠪᠡᠰᠦᠪᠡᠨ ᠬᠡᠷ ᠪᠠᠷᠢᠬᠤ᠂ ᠰᠢᠲᠠᠮᠠᠬᠠᠶ ᠬᠡᠶ ᠶᠢᠨ ᠠᠮᠤᠷ ᠲᠦᠪᠰᠢᠨ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠵᠡᠷᠭᠡ ᠲᠤᠰᠬᠠᠶ ᠴᠡᠭᠴᠡᠯᠡᠨ ᠵᠠᠰᠠᠬᠤ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ  ᠃ ᠪᠦᠬᠦ ᠬᠤᠲᠠ ᠳᠤ ᠬᠠᠮᠤᠭ ᠲᠡᠷᠢᠭᠦᠨ ᠳᠤ 《 ᠨᠢᠭᠡ ᠲᠣᠰᠬᠤᠨ ᠨᠢᠭᠡ ᠲᠤᠰᠠᠯᠠᠬᠤ ᠴᠠᠭᠳᠠᠭ᠎ᠠ 》 ᠶᠢᠨ ᠵᠣᠬᠢᠴᠠᠮᠵᠢ ᠶᠢ ᠬᠡᠷᠡᠭᠵᠢᠭᠦᠯᠵᠦ᠂ ᠠᠮᠤᠷ ᠠᠮᠤᠭᠤᠯᠠᠩ ᠣᠩᠨᠢᠭᠤᠳ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠪᠠ  ᠃ ᠣᠯᠠᠨ ᠡᠭᠡᠯᠵᠢ ᠶᠢᠨ ᠬᠢᠵᠢᠭ ᠤᠨ ᠳᠠᠭᠠᠷᠢᠯᠲᠠ ᠶᠢ ᠰᠢᠨᠵᠢᠯᠡᠬᠦ ᠤᠬᠠᠭᠠᠨᠴᠢ᠂ ᠪᠦᠲᠦᠮᠵᠢᠲᠡᠶ᠂ ᠣᠨᠣᠴᠠᠲᠠᠶ ᠪᠠᠷ ᠠᠷᠭᠠᠴᠠᠭᠠᠵᠤ᠂ ᠬᠥᠬᠡᠬᠤᠲᠠ ᠶᠢᠨ ᠤᠶᠤᠲᠠᠳ ᠵᠡᠷᠭᠡ ᠪᠤᠴᠠᠵᠤ ᠢᠷᠡᠭᠰᠡᠨ ᠬᠥᠮᠦᠰ ᠢ ᠲᠤᠰᠠᠭᠠᠷᠯᠠᠵᠤ ᠰᠢᠯᠵᠢᠭᠦᠯᠦᠨ ᠲᠡᠭᠡᠭᠡᠪᠦᠷᠢᠯᠡᠬᠦ ᠡᠭᠦᠷᠭᠡ ᠶᠢ ᠤᠷᠤᠭᠰᠢᠲᠠᠶ ᠪᠡᠶᠡᠯᠡᠭᠦᠯᠪᠡ  ᠃ 《 ᠰᠢᠨ᠎ᠡ ᠠᠷᠪᠠᠨ ᠵᠤᠷᠪᠤᠰ 》 ᠤᠨ ᠳᠠᠷᠠᠭ᠎ᠠ 《 ᠡᠷᠡᠭᠦᠯ ᠮᠡᠨᠳᠦ ᠶᠢ ᠬᠠᠮᠠᠭᠠᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ 》 ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠤᠲᠠ ᠳᠤ ᠡᠩ ᠲᠡᠷᠢᠭᠦᠨ ᠳᠤ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠬᠥᠮᠦᠰ ᠲᠤ 《 ᠬᠠᠶᠢᠷ᠎ᠠ ᠬᠠᠯᠠᠮᠵᠢ ᠶᠢᠨ ᠡᠮ ᠤᠨ ᠪᠣᠭᠴᠣ 》 ᠶᠢ 7 ᠲᠦᠮᠡᠨ ᠬᠤᠪᠢ ᠦᠨ᠎ᠡ ᠲᠥᠯᠥᠪᠦᠷᠢ ᠥᠬᠡᠶ ᠪᠠᠷ ᠲᠠᠷᠬᠠᠭᠠᠵᠤ᠂ ᠨᠢᠭᠡ ᠪᠦᠯᠦᠭ ᠳᠤᠲᠠᠭᠳᠠᠵᠤ ᠪᠠᠶᠢᠭ᠎ᠠ ᠡᠮᠴᠢᠯᠡᠭᠡᠨ  ᠤ ᠲᠥᠬᠦᠭᠡᠷᠦᠮᠵᠢ ᠬᠤᠳᠠᠯᠳᠤᠨ ᠠᠪᠴᠤ᠂ ᠣᠯᠠᠨ ᠲᠦᠮᠡᠨ ᠤ ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠤᠨ ᠡᠷᠭᠢᠯᠲᠡ ᠶᠢ ᠪᠡᠶᠡᠯᠡᠭᠦᠯᠪᠡ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号