ᠮᠠᠨ ᠤ ᠣᠷᠣᠨ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶᠎ ᠶᠢ 4925 ᠪᠠᠶᠢᠭᠤᠯᠵᠤ᠂ ᠶᠠᠪᠠᠭᠠᠨ ᠢᠶᠠᠷ 15 ᠮᠢᠨᠦ᠋ᠲ ᠲᠤ ᠬᠦᠷᠬᠦ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠬᠦᠴᠦᠯᠡᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/4/13
                 2023 ᠣᠨ ᠳᠤ᠂ ᠮᠠᠨ ᠤ ᠣᠷᠣᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠎ ᠶᠢᠨ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ 1025᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 3900 ᠪᠠᠶᠢᠭᠤᠯᠵᠤ ᠳᠠᠭᠤᠰᠬᠠᠨ᠂ ᠶᠠᠪᠠᠭᠠᠨ ᠢᠶᠠᠷ 15 ᠮᠢᠨᠦ᠋ᠲ ᠲᠤ ᠬᠦᠷᠬᠦ ᠡᠮᠴᠢᠯᠡᠭᠡᠨ ᠤ ᠪᠠᠲᠤᠯᠠᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠣᠭᠤᠷᠢᠭ ᠢ ᠬᠦᠴᠦᠯᠡᠨ ᠪᠠᠶᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠳ᠋ᠷ︾᠎ ᠢ ᠰᠠᠭᠠᠳ ᠦᠭᠡᠢ ᠨᠡᠪᠲᠡᠷᠡᠭᠦᠯᠬᠦ ᠪᠠᠷ ᠪᠤᠢ᠃ ᠣᠶᠢᠯᠠᠭᠠᠭᠰᠠᠨ ᠢᠶᠠᠷ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ︵ᠴᠡᠭ︶᠎ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ︾᠎ ᠢ ᠳᠠᠷᠤᠮᠠᠯᠯᠠᠨ ᠲᠠᠷᠬᠠᠭᠠᠭᠠᠳ᠂ ᠡᠭᠦᠷᠭᠡ ᠴᠢᠳᠠᠪᠤᠷᠢ ᠶᠢᠨ ᠡᠷᠬᠡ ᠣᠯᠭᠤᠯᠲᠠ᠂ ᠦᠢᠯᠡᠴᠢᠯᠡᠭᠡᠨ ᠤ ᠲᠠᠯᠠᠪᠤᠷ ᠭᠠᠵᠠᠷ᠂ ᠠᠵᠢᠯᠲᠠᠨ ᠤ ᠲᠣᠬᠢᠷᠠᠭᠤᠯᠤᠯᠲᠠ ᠵᠡᠷᠭᠡ ᠲᠠᠯ᠎ᠠ ᠪᠠᠷ ︽ᠠᠷᠪᠠ ᠶᠢ ᠪᠣᠳᠠᠲᠠᠶᠢᠵᠢᠭᠤᠯᠬᠤ︾ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠵᠢᠷᠤᠮᠵᠢᠭᠤᠯᠤᠨ᠂ ᠦᠢᠯᠡᠴᠢᠯᠡᠭᠡᠨ ᠤ ᠥᠷᠲᠡᠭᠡ ᠠᠴᠠ ᠠᠵᠢᠯᠲᠠᠨ ᠠᠵᠢᠯᠴᠢᠨ ᠪᠠ ᠰᠠᠭᠤᠭᠠᠯᠢ ᠠᠷᠠᠳ ᠤᠨ ᠳᠠᠭᠠᠳᠬᠠᠯ ᠳᠤ ᠣᠷᠤᠯᠴᠠᠬᠤ ᠶᠢ ᠳᠠᠩᠰᠠᠯᠠᠬᠤ᠂ ᠡᠭᠦᠳᠡᠨ ᠡᠮᠨᠡᠯᠭᠡ ᠶᠢᠨ ᠵᠠᠷᠤᠳᠠᠯ ᠢ ᠲᠠᠩᠰᠠ ᠲᠠᠶᠢᠯᠬᠤ᠂ ᠬᠥᠩᠭᠡᠵᠢᠯ ᠤᠨ ᠨᠡᠮᠡᠯᠭᠡ ᠮᠥᠩᠭᠦ ᠥᠭᠬᠦ᠂ ᠣᠨᠳᠣᠣ ᠭᠠᠵᠠᠷ ᠲᠤ ᠡᠮᠴᠢᠯᠡᠭᠦᠯᠦᠭᠰᠡᠨ ᠢ ᠳᠠᠩᠰᠠᠯᠠᠬᠤ ᠵᠡᠷᠭᠡ 17 ᠲᠦᠷᠦᠯ ᠤᠨ ᠲᠤᠬᠠᠶᠢᠯᠠᠭᠰᠠᠨ ᠠᠵᠢᠯ ᠢ ᠳᠠᠭᠠᠭᠠᠨ ᠭᠦᠢᠴᠡᠳᠬᠡᠬᠦ ᠶᠢ ᠲᠣᠳᠤᠷᠬᠠᠶᠢᠯᠠᠪᠠ︔ ᠦᠢᠯᠡᠴᠢᠯᠡᠭᠡᠨ ᠤ ᠴᠡᠭ ᠠᠴᠠ ᠰᠠᠭᠤᠭᠠᠯᠢ ᠠᠷᠠᠳ ᠤᠨ ᠳᠠᠭᠠᠳᠬᠠᠯ ᠳᠤ ᠣᠷᠤᠯᠴᠠᠬᠤ ᠶᠢ ᠳᠠᠩᠰᠠᠯᠠᠬᠤ᠂ ᠳᠠᠭᠠᠳᠬᠠᠯ ᠳᠤ ᠣᠷᠣᠯᠴᠠᠭᠰᠠᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ᠂ ᠣᠨᠳᠣᠣ ᠭᠠᠵᠠᠷ ᠲᠤ ᠡᠮᠴᠢᠯᠡᠭᠦᠯᠦᠭᠰᠡᠨ ᠢ ᠳᠠᠩᠰᠠᠯᠠᠬᠤ ᠵᠡᠷᠭᠡ 7 ᠲᠦᠷᠦᠯ ᠤᠨ ᠲᠤᠬᠠᠶᠢᠯᠠᠭᠰᠠᠨ ᠠᠵᠢᠯ ᠢ ᠳᠠᠭᠠᠭᠠᠨ ᠭᠦᠢᠴᠡᠳᠬᠡᠵᠦ᠂ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠲᠤᠬᠠᠶᠢᠯᠠᠭᠰᠠᠨ ᠠᠵᠢᠯ ᠭᠦᠢᠴᠡᠳᠬᠡᠬᠦ ᠦᠨᠳᠦᠰᠦᠨ ᠬᠡᠷᠡᠭᠴᠡᠭᠡ ᠱᠠᠭᠠᠷᠳᠠᠯᠭ᠎ᠠ ᠶᠢ ᠪᠠᠲᠤᠯᠠᠨ᠎ᠠ᠃ ᠨᠢᠭᠡᠳᠦᠭᠡᠷ ᠤᠯᠠᠷᠢᠯ ᠤᠨ ᠡᠴᠦᠰ ᠪᠣᠯᠲᠠᠯ᠎ᠠ᠂ ᠪᠥᠬᠦ ᠣᠷᠣᠨ ᠳᠤ ᠨᠢᠭᠡᠨᠲᠡ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠥᠷᠲᠡᠭᠡ ᠶᠢ 314᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠴᠡᠭ ᠢ 1009 ᠪᠠᠶᠢᠭᠤᠯᠵᠠᠢ᠂ ᠥᠨᠥ ᠵᠢᠯ ᠤᠨ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠠᠶᠢᠭᠤᠯᠵᠤ ᠳᠠᠭᠤᠰᠬᠠᠬᠤ ᠪᠠᠷ ᠲᠥᠯᠥᠪᠯᠡᠵᠦ ᠪᠣᠶ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠲᠤᠬᠠᠶᠢᠯᠠᠭᠰᠠᠨ ᠠᠵᠢᠯ ᠤᠨ ᠨᠢᠭᠡᠲᠦᠯᠲᠡᠢ ᠪᠣᠯᠪᠠᠰᠤᠷᠠᠯ᠂ ᠪᠥᠬᠦ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠠᠵᠢᠯᠲᠠᠳ ᠤᠨ ᠪᠣᠯᠪᠠᠰᠤᠷᠠᠯ ᠪᠠ ᠮᠥᠷᠦ᠋ᠢᠴᠡᠭᠡᠨ ᠵᠡᠷᠭᠡ ᠶᠢ ᠥᠷᠨᠢᠭᠦᠯᠬᠦ ᠪᠠᠷ ᠳᠠᠮᠵᠢᠭᠤᠯᠤᠨ᠂ ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号