| | 4 ᠰᠠᠷ᠎ᠠ ᠶᠢᠨ 7 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ | ᠠᠩᠬᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ 3 | ᠰᠠᠷ᠎ᠠ ᠶᠢᠨ 30 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶ᠎ᠠ ᠶᠢᠨ ᠬᠤᠷᠠᠯ᠂ ᠲᠥᠪ ᠤᠨ ᠤᠯᠤᠰ | ᠲᠦᠷᠦ ᠶᠢᠨ ᠲᠣᠪᠴᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠳᠡᠭᠡᠷᠡᠬᠢ ᠴᠢᠬᠤᠯᠠ | ᠶᠠᠷᠢᠶ᠎ᠠ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯ ᠰᠡᠳᠦᠪᠲᠦ ᠬᠥᠮᠦᠵᠢᠯ ᠤᠨ ᠬᠤᠯᠪᠣᠭᠳᠠᠯ | ᠪᠦᠬᠦᠢ ᠲᠥᠰᠥᠯ ᠢ ᠬᠢᠨᠠᠨ ᠵᠥᠪᠯᠡᠵᠦ᠂ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ | ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠃ | ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠭᠤᠣᠯ ᠰᠡᠳᠦᠪᠲᠦ ᠬᠥᠮᠦᠵᠢᠯ ᠢ | ᠰᠠᠶᠢᠲᠤᠷ ᠠᠳᠬᠤᠬᠤ ᠶᠢ ᠴᠢᠬᠤᠯᠠ ᠤᠯᠤᠰ ᠲᠦᠷᠦ ᠶᠢᠨ ᠡᠭᠦᠷᠭᠡ ᠪᠤᠯᠭᠠᠵᠤ᠂ ᠶᠡᠷᠦᠩᠬᠡᠢ ᠱᠦᠵᠢ ᠰᠢ ᠶᠢᠨ | ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠬᠤ ᠪᠠ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢᠶᠠᠨ ᠨᠠᠷᠢᠨ ᠨᠢᠮᠪᠠᠢ ᠲᠥᠯᠥᠪᠵᠢᠭᠦᠯᠵᠦ᠂ | ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ᠂ | ᠦᠨᠳᠦᠰᠦᠨ ᠡᠭᠦᠷᠭᠡ᠂ ᠪᠣᠳᠠᠲᠠᠢ ᠬᠠᠷᠠᠯᠲᠠ ᠶᠢ ᠣᠨᠣᠪᠴᠢᠲᠠᠢ ᠡᠵᠡᠮᠳᠡᠵᠦ᠂ ᠤᠨᠤᠯ ᠤᠨ ᠰᠤᠷᠤᠯᠴᠠᠯᠭ᠎ᠠ᠂ | ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠰᠢᠨᠵᠢᠵᠦ ᠴᠡᠭᠴᠡᠯᠡᠨ ᠰᠠᠶᠢᠵᠢᠷᠠᠭᠤᠯᠬᠤ ᠶᠢ | ᠬᠤᠯᠪᠣᠯᠳᠤᠭᠤᠯᠤᠨ ᠨᠠᠪᠲᠠᠷᠡᠭᠦᠯᠵᠦ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠶᠢ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ | ᠤᠶᠠᠯᠳᠤᠭᠤᠯᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ | ᠤᠳᠤᠷᠢᠳᠬᠤ ᠳᠤᠭᠤᠶᠢᠯᠠᠩ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠪᠣᠯᠣᠨ ᠡᠯ᠎ᠡ ᠪᠦᠷᠢᠯᠳᠦᠭᠦᠨ ᠨᠢᠭᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠲᠣᠭᠤᠷᠢᠨ | ᠵᠢᠯᠤᠭᠤᠳᠬᠤ ᠳᠤᠭᠤᠶᠢᠯᠠᠩ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠭᠤᠣᠯ ᠰᠡᠳᠦᠪᠲᠦ ᠬᠥᠮᠦᠵᠢᠯ ᠢ | ᠯᠠᠪᠳᠠᠭᠤᠨ ᠪᠠᠲᠤᠲᠠᠢ ᠭᠦᠨᠵᠡᠭᠡᠢ ᠥᠷᠨᠢᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷ | ᠭᠤᠣᠯ ᠰᠡᠳᠦᠪᠲᠦ ᠬᠥᠮᠦᠵᠢᠯ ᠳᠤ ᠢᠳᠡᠪᠬᠢᠲᠡᠢ ᠣᠷᠣᠯᠴᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠡᠨᠡ | ᠬᠦ ᠴᠢᠬᠤᠯᠠ ᠦᠵᠡᠯ ᠰᠠᠨᠠᠭ᠎ᠠ ᠶᠢᠨ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠣᠨ ᠡᠭᠦᠨ ᠳᠤ | ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ ᠠᠷᠭ᠎ᠠ ᠶᠢ ᠪᠦᠭᠦ ᠲᠠᠯ᠎ᠠ ᠪᠠᠷ ᠡᠵᠡᠮᠳᠡᠵᠦ᠂ ᠡᠨᠡ ᠬᠦ ᠴᠢᠬᠤᠯᠠ | ᠦᠵᠡᠯ ᠰᠠᠨᠠᠭ᠎ᠠ ᠶᠢ ᠦᠨᠡᠨ ᠬᠦ ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ | ᠦᠢᠯᠡᠳᠦᠯᠭᠡ ᠶᠢ ᠵᠢᠯᠣᠭᠤᠳᠤᠭᠤᠯᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ | ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ︽ᠪᠦᠭᠦ ᠣᠷᠣᠨ ᠳᠤ ᠪᠠᠶᠢᠴᠠᠭᠠᠨ ᠰᠤᠳᠤᠯᠤᠯᠲᠠ ᠶᠢ ᠶᠡᠭᠡ ᠪᠠᠷ | ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ᠂ ᠡᠯ᠎ᠡ ᠱᠠᠲᠤᠨ ᠤ ᠤᠳᠤᠷᠢᠳᠬᠤ ᠺᠠᠳ᠋ᠷ ᠠᠯᠪᠠᠨ | ᠭᠡᠷ ᠠᠴᠠ ᠪᠠᠨ ᠭᠠᠷᠴᠤ᠂ ᠲᠠᠷᠢᠶᠠᠨ ᠦᠵᠦᠭᠦᠷ ᠬᠡᠭᠡᠷ᠎ᠡ ᠭᠠᠳᠠᠭ᠎ᠠ ᠪᠣᠯᠣᠨ ᠬᠤᠲᠠ ᠪᠠᠯᠭᠠᠰᠤᠨ ᠤ ᠨᠡᠶᠢᠭᠡᠮ | ᠲᠣᠭᠤᠷᠢᠭ ᠲᠤ ᠭᠦᠨᠵᠡᠭᠡᠶᠢᠷᠡᠵᠦ᠂ ᠦᠢᠯᠡᠳᠪᠦᠷᠢᠯᠡᠯ ᠤᠨ ᠡᠮᠦᠨ᠎ᠡ ᠹᠷᠣᠨᠲ ᠪᠣᠯᠣᠨ ᠦᠨᠳᠦᠰᠦᠨ ᠱᠠᠲᠤᠨ ᠤ | ᠨᠢᠭᠡᠴᠢ ᠳᠤ ᠬᠦᠷᠴᠦ᠂ ᠰᠡᠳᠬᠢᠯ ᠲᠣᠭᠲᠠᠭᠤᠨ ᠲᠠᠶᠢᠪᠤᠭᠤ ᠪᠠᠷ ᠪᠠᠶᠢᠴᠠᠭᠠᠨ ᠰᠤᠳᠤᠯᠤᠯᠲᠠ ᠥᠷᠨᠢᠭᠦᠯᠵᠦ᠂ | ᠦᠨᠳᠦᠰᠦᠨ ᠱᠠᠲᠤᠨ ᠤ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠨ ᠳᠡᠯᠭᠡᠷᠡᠭᠦᠯᠵᠦ᠂ | ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠪᠣᠳᠠᠲᠠᠢ ᠠᠬᠤᠢ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ | ᠃ ᠬᠥᠮᠥᠨ ᠴᠥᠭᠡᠨ ᠬᠥᠰᠬᠡ ᠬᠥᠩᠭᠡᠨ᠂ ᠱᠠᠲᠤ ᠱᠠᠲᠤ ᠪᠠᠷ ᠪᠠᠷ᠎ᠠ ᠪᠤᠯᠬᠤ ᠦᠭᠡᠢ᠂ ᠦᠨᠳᠦᠰᠦᠨ ᠱᠠᠲᠤᠨ ᠤ | ᠳᠠᠷᠤᠭᠠᠰᠤ ᠶᠢ ᠨᠡᠮᠡᠭᠳᠡᠭᠦᠯᠬᠦ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | | |