| | 4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ | ᠴᠢᠶᠠᠩ ᠰᠢᠨ᠎ᠡ ᠡᠨᠧᠷᠭᠢ ᠶᠢᠨ ᠲᠣᠨᠣᠭᠯᠠᠯ ᠦᠢᠯᠡᠳᠭᠦ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ | ᠠᠪᠴᠢᠷᠠᠬᠤ ᠬᠤᠶᠠᠳᠤᠭᠠᠷ ᠤᠳᠠᠭ᠎ᠠ ᠶᠢᠨ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠲᠣᠭᠤᠷᠢᠭ ᠰᠢᠷᠡᠭᠡ ᠶᠢᠨ | ᠬᠤᠷᠠᠯ ᠢ ᠡᠷᠭᠢᠯᠡᠨ ᠬᠤᠷᠠᠯᠳᠤᠭᠤᠯᠵᠤ᠂ ᠨᠢᠩᠳᠧ ᠴᠠᠭ ᠦᠶ᠎ᠡ᠂ ᠪᠢ ᠶᠠ ᠳ᠋ᠢ ᠵᠡᠷᠭᠡ 11 ᠠᠵᠤ ᠠᠬᠤᠶᠢᠯᠠᠯ ᠲᠠᠢ | ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠭᠦ ᠬᠥᠭᠵᠢᠯᠲᠡ ᠶᠢᠨ ᠬᠤᠳᠠᠯᠳᠤᠭᠠᠨ ᠤ ᠰᠢᠨ᠎ᠡ ᠠᠵᠠ ᠲᠣᠭᠢᠶᠠᠯ ᠢ | ᠬᠠᠮᠲᠤ ᠪᠠᠷ ᠶᠠᠷᠢᠯᠴᠠᠪᠠ᠃ ᠬᠤᠸᠠᠩ ᡁᠢ ᠴᠢᠶᠠᠩ᠂ ᠡᠨᠡ ᠤᠳᠠᠭ᠎ᠠ ᠶᠢᠨ ᠵᠠᠰᠠᠭ ᠤᠨ ᠣᠷᠳᠣᠨ ᠪᠠ ᠠᠵᠤ | ᠠᠬᠤᠶᠢᠯᠠᠯ ᠤᠨ ᠲᠣᠭᠤᠷᠢᠭ ᠰᠢᠷᠡᠭᠡ ᠶᠢᠨ ᠬᠤᠷᠠᠯ ᠨᠢ ᠵᠠᠷᠯᠠᠨ ᠮᠡᠳᠡᠭᠳᠡᠬᠦ ᠬᠤᠷᠠᠯ ᠪᠤᠯᠬᠤ ᠪᠠᠷ ᠪᠠᠷᠠᠬᠤ ᠦᠭᠡᠢ ᠪᠠᠰᠠ | ᠰᠤᠳᠤᠯᠤᠨ ᠶᠠᠷᠢᠯᠴᠠᠬᠤ ᠬᠤᠷᠠᠯ ᠪᠣᠯᠣᠨ᠎ᠠ᠂ ᠮᠥᠨ ᠴᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ | ᠠᠪᠴᠢᠷᠠᠬᠤ ᠵᠥᠪᠳᠡᠯᠴᠡᠡ ᠶᠠᠷᠢᠯᠴᠠᠬᠤ ᠬᠤᠷᠠᠯ ᠪᠣᠯᠣᠨ᠎ᠠ᠃ ᠥᠪᠥᠷ ᠮᠣᠩᠭᠤᠯ ᠣᠲᠣ ᠦᠶ᠎ᠡ ᠶᠢᠨ ᠡᠨᠧᠷᠭᠢ ᠶᠢᠨ | ᠠᠵᠤ ᠠᠬᠤᠢ ᠶᠢᠨ ᠠᠵᠢᠯ ᠢ ᠰᠠᠶᠢᠲᠤᠷ ᠬᠢᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠪᠦᠭᠦ ᠬᠦᠴᠦ ᠪᠠᠷ ᠢᠶᠠᠨ | ᠬᠥᠭᠵᠢᠭᠦᠯᠵᠦ᠂ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ᠂ ᠡᠨᠧᠷᠭᠢ | ᠬᠠᠳᠠᠭᠠᠯᠠᠬᠤ ᠪᠣᠯ ᠲᠤᠲᠠᠭᠳᠠᠵᠤ ᠪᠣᠯᠣᠰᠢ ᠦᠭᠡᠢ ᠵᠠᠩᠭᠢᠯᠠᠭ᠎ᠠ ᠶᠢᠨ ᠭᠤᠭᠴᠤᠭ᠎ᠠ ᠪᠣᠯᠣᠨ᠎ᠠ᠃ ᠡᠨᠧᠷᠭᠢ ᠬᠠᠳᠠᠭᠠᠯᠠᠬᠤ | ᠲᠣᠨᠣᠭᠯᠠᠯ ᠦᠶ᠋ᠯᠡᠳᠭᠦ ᠦᠢᠯᠡᠰ ᠢ ᠭᠤᠣᠯᠳᠠᠯᠭ᠎ᠠ ᠲᠠᠢ ᠪᠤᠶᠢᠵᠢᠭᠤᠯᠬᠤ ᠰᠢᠨ᠎ᠡ ᠨᠡᠮᠡᠭᠳᠡᠯ ᠤᠨ ᠴᠡᠭ ᠪᠤᠯᠭᠠᠵᠤ᠂ | ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠤᠨ ᠳᠣᠲᠣᠭᠠᠳᠤ ᠶᠢᠨ ᠡᠨᠧᠷᠭᠢ ᠬᠠᠳᠠᠭᠠᠯᠠᠬᠤ ᠲᠣᠨᠣᠭᠯᠠᠯ | ᠦᠶ᠋ᠯᠡᠳᠭᠦ ᠦᠢᠯᠡᠳᠪᠦᠷᠢᠯᠡᠯ ᠤᠨ ᠰᠠᠭᠤᠷᠢᠨ᠂ ᠴᠠᠭᠢᠯᠭᠠᠨ ᠭᠠᠷᠭᠠᠬᠤ ᠰᠠᠭᠤᠷᠢᠨ ᠪᠣᠯᠣᠨ ᠠᠵᠢᠯᠯᠠᠭᠠᠨ ᠤ ᠬᠢᠨᠠᠨ | ᠰᠢᠨᠵᠢᠭᠦ ᠪᠠ ᠰᠡᠯᠪᠢᠨ ᠬᠠᠮᠠᠭᠠᠯᠠᠬᠤ ᠰᠠᠭᠤᠷᠢᠨ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠳᠠᠭᠠᠭᠤᠯᠤᠭᠴᠢ ᠠᠵᠤ | ᠠᠬᠤᠶᠢᠯᠠᠯ ᠤᠨ ᠥᠪᠥᠷ ᠮᠣᠩᠭᠤᠯ ᠳᠤ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ | ᠪᠠᠶᠢᠨ᠎ᠠ᠂ ᠠᠩᠬ᠎ᠠ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠥᠪᠥᠷ ᠮᠣᠩᠭᠤᠯ ᠳᠤ ᠦᠢᠯᠡᠰ ᠪᠣᠰᠬᠠᠨ ᠦᠰᠦᠨ | ᠪᠤᠶᠢᠵᠢᠬᠤ ᠶᠢ ᠴᠤ ᠪᠠᠶᠠᠷᠯᠠᠨ ᠤᠭᠲᠤᠵᠤ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ | ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ᠂ ︽ᠵᠠᠷᠤᠴᠠ︾ ᠪᠣᠯᠵᠤ ᠰᠠᠶᠢᠲᠤᠷ ᠦᠢᠯᠡᠴᠢᠯᠡᠬᠦ ᠬᠡᠷᠡᠭᠲᠡᠢ ᠭᠡᠪᠡ᠃ | |