ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠪᠠᠷ ᠬᠤᠶᠠᠷ ᠶᠡᠭᠡ ᠠᠵᠢᠯ ᠢ ᠠᠬᠢᠭᠤᠯᠬᠤ ᠠᠬᠤᠢ ᠲᠠᠯᠠᠪᠠᠢ ᠶᠢᠨ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/13
                  3 ᠳ᠋ᠤᠭᠠᠷ ᠰᠠᠷ᠎ᠠ ᠶᠢᠨ 31᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠪᠠᠷ ᠬᠤᠶᠠᠷ ᠶᠡᠭᠡ ᠠᠵᠢᠯ ᠢ ᠠᠬᠢᠭᠤᠯᠬᠤ ᠠᠬᠤᠢ ᠲᠠᠯᠠᠪᠠᠶ ᠶᠢᠨ ᠲᠤᠷᠰᠢᠯᠭ᠎ᠠ ᠰᠣᠯᠢᠯᠴᠠᠬᠤ ᠬᠤᠷᠠᠯ ᠢ ᠬᠥᠬᠡᠬᠤᠲᠠᠨ᠎ᠠ ᠬᠤᠷᠠᠯᠳᠤᠭᠤᠯᠪᠠ᠃ ᠬᠤᠷᠠᠯ ᠳᠡᠭᠡᠷ᠎ᠡ᠂ ᠠᠷᠪᠠᠳᠤᠭᠠᠷ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠢ ᠶᠢᠨ ᠢᠷᠠᠭᠤ ᠠᠯᠳᠠᠷ ᠭᠥᠷᠳᠡᠭᠰᠡᠨ ᠣᠷᠣᠨ ᠤ ᠰᠢᠭᠤᠳ ᠬᠠᠷᠢᠶ᠎ᠠ 27 ᠨᠢᠭᠡᠴᠢ ᠳᠤ ᠨᠢᠭᠡᠲᠦᠯᠲᠡᠢ ᠪᠠᠷ ᠢᠷᠠᠭᠤ ᠠᠯᠳᠠᠷ ᠤᠨ ᠫᠠᠶᠢᠰᠠ ᠣᠯᠭᠤᠵᠠᠢ᠃ ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠵᠡᠷᠭᠡ 6 ᠨᠢᠭᠡᠴᠢ ᠰᠠᠨᠠᠯ ᠢᠶᠠᠨ ᠰᠣᠯᠢᠯᠴᠠᠨ ᠶᠠᠷᠢᠶ᠎ᠠ ᠲᠠᠯᠪᠢᠵᠠᠭᠠᠪᠠ᠃ ᠲᠠᠨᠢᠯᠴᠠᠭᠤᠯᠤᠭᠰᠠᠨ ᠢᠶᠠᠷ᠂ ᠣᠳᠣᠬᠠᠨ ᠪᠣᠯᠲᠠᠯ᠎ᠠ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠠᠴᠠ ᠨᠢᠭᠡᠨᠲᠡ ᠪᠥᠬᠦ ᠤᠯᠤᠰ ᠤᠨ ᠪᠣᠯᠪᠠᠰᠤᠨ ᠨᠢᠭᠡᠴᠢ 12᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠨᠢᠭᠡᠴᠢ 60᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠪᠣᠯᠪᠠᠰᠤᠨ ᠨᠢᠭᠡᠴᠢ 109᠎ ᠶᠢ ᠡᠭᠦᠳᠦᠨ ᠪᠠᠶᠢᠭᠤᠯᠵᠤ᠂ ᠪᠣᠯᠪᠠᠰᠤᠨ ᠨᠢᠭᠡᠴᠢ ᠶᠢ ᠡᠭᠦᠳᠦᠨ ᠪᠠᠶᠢᠭᠤᠯᠬᠤ ᠬᠠᠮᠤᠷᠬᠤ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠣᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢ ᠦᠷᠭᠦᠯᠵᠢᠯᠡᠨ ᠬᠦᠨᠵᠡᠭᠡᠶᠢᠷᠡᠭᠦᠯᠵᠦ ᠪᠠᠶᠢᠨ᠎ᠠ᠃ ᠬᠤᠷᠠᠯ ᠳᠤ᠂ ᠰᠢᠨ᠎ᠡ ᠴᠠᠭ ᠦᠶ᠎ᠡ ᠳᠤ ᠪᠠᠶᠢᠭᠤᠯᠭ᠎ᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠤᠯᠤᠰ ᠲᠦᠷᠦ ᠶᠢᠨ ᠪᠠᠶᠢᠭᠤᠯᠭ᠎ᠠ ᠶᠢᠨ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠠᠷᠢᠮᠵᠢᠶ᠎ᠠ ᠶᠢ ᠴᠢᠩᠳᠠᠯᠠᠵᠤ᠂ ᠰᠢᠨ᠎ᠡ ᠶᠢ ᠡᠭᠦᠳᠬᠦ ᠶᠢ ᠲᠥᠪ ᠪᠣᠯᠭᠠᠵᠤ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠣᠯᠠᠨ ᠲᠦᠮᠡᠨ ᠳᠤ ᠲᠠᠭᠠᠰᠢᠶᠠᠭᠳᠠᠬᠤ ᠬᠡᠮᠵᠢᠶ᠎ᠡ ᠪᠠ ᠨᠡᠶᠢᠭᠡᠮ ᠳᠤ ᠮᠡᠳᠡᠷᠡᠭᠳᠡᠬᠦ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠠᠶᠢᠭᠤᠯᠭ᠎ᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠡᠮᠦᠨ᠎ᠡ ᠡᠩᠨᠡᠭᠡᠨ ᠳᠤ ᠭᠠᠪᠰᠢᠭᠠᠶᠢᠯᠠᠭᠤᠯᠤᠨ᠂ ᠦᠯᠢᠭᠡᠷ ᠳᠠᠭᠤᠷᠢᠶᠠᠯ ᠪᠣᠯᠭᠠᠬᠤ ᠪᠠᠷ ᠴᠢᠷᠮᠠᠶᠢᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠴᠢᠩᠭᠠᠳᠬᠠᠨ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠥᠷᠭᠡᠨ ᠢᠶᠠᠷ ᠪᠤᠢ ᠪᠣᠯᠭᠠᠨ ᠦᠢᠯᠡᠳᠦᠯᠭᠡᠵᠢᠭᠦᠯᠵᠦ᠂ ᠤᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠤᠯᠠᠨ ᠲᠦᠮᠡᠨᠴᠢ ᠴᠢᠨᠠᠷᠲᠠᠢ ᠠᠵᠢᠯᠯᠠᠭ᠎ᠠ ᠶᠢ ᠭᠦᠨᠵᠡᠭᠡᠶᠢᠷᠡᠭᠦᠯᠦᠨ ᠥᠷᠭᠡᠳᠬᠡᠵᠦ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾᠎ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠠᠵᠢᠯ ᠳᠤ ᠰᠡᠳᠬᠢᠯ ᠪᠠ ᠬᠦᠴᠦᠨ ᠢᠶᠠᠨ ᠨᠢᠭᠲᠠᠷᠠᠭᠤᠯᠬᠤ ᠬᠡᠷᠡᠭᠲᠡᠢ ᠭᠡᠵᠦ ᠱᠠᠭᠠᠷᠳᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号