| | ᠬᠠᠳᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠶᠡᠭᠡ ᠬᠠᠮᠠᠭᠠᠯᠠᠯᠲᠠ ᠶᠡᠭᠡ | ᠵᠠᠰᠠᠯᠲᠠ ᠶᠢᠨ ᠪᠠᠶᠢᠳᠠᠯ ᠢ ︽ᠡᠬᠢ︾ ᠠᠴᠠ ᠨᠢ ︽ᠠᠳᠠᠭ︾ ᠲᠤᠨᠢ ᠲᠤᠯᠲᠠᠯ᠎ᠠ ᠰᠢᠨᠵᠢᠯᠡᠨ ᠪᠠᠶᠢᠴᠠᠭᠠᠭᠰᠠᠨ ᠤ | ᠲᠠᠷᠠᠭ᠎ᠠ᠂ 4 ᠰᠠᠷ᠎ᠠ ᠶᠢᠨ 7 ᠤ ᠡᠳᠦᠷ᠂ ᠰᠦᠨ ᠱᠤᠤ ᠴᠧᠩ ᠬᠠᠳᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ | ᠬᠤᠷᠠᠯ ᠢ ᠡᠷᠭᠢᠯᠡᠨ ᠬᠤᠷᠠᠯᠳᠤᠭᠤᠯᠵᠤ᠂ ᠪᠠᠶᠢᠴᠠᠭᠠᠨ ᠰᠤᠳᠤᠯᠵᠤ ᠣᠶᠢᠯᠠᠭᠠᠭᠰᠠᠨ ᠪᠠ ᠡᠩ ᠤᠨ ᠦᠶ᠎ᠡ ᠳᠤ | ᠡᠵᠡᠮᠰᠢᠭᠰᠡᠨ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠰᠢᠢᠳᠪᠦᠷᠢᠯᠡᠬᠦ ᠠᠷᠭ᠎ᠠ | ᠪᠣᠳᠣᠯᠭ᠎ᠠ ᠶᠢ ᠭᠦᠨᠵᠡᠭᠡᠢ ᠰᠤᠳᠤᠯᠪᠠ᠃ ᠬᠤᠷᠠᠯ ᠠᠴᠠ ᠠᠷᠪᠠᠨ ᠭᠤᠣᠯᠳᠠᠯᠭ᠎ᠠ ᠲᠠᠢ ᠠᠰᠠᠭᠤᠳᠠᠯ ᠢ | ᠰᠢᠢᠳᠪᠦᠷᠢᠯᠡᠬᠦ ᠶᠢᠨ ᠲᠣᠭᠤᠷᠢᠨ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠨᠢᠭᠡ ᠳᠤ᠂ ᠲᠠᠷᠢᠶᠠᠯᠠᠩ ᠤᠨ | ︽ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠤᠰᠤ ᠬᠡᠷᠡᠭᠯᠡᠬᠦ | ᠦᠵᠡᠯᠲᠡ ᠪᠠᠨ ᠬᠤᠪᠢᠷᠠᠭᠤᠯᠬᠤ᠂ ᠤᠰᠤ ᠠᠷᠪᠢᠯᠠᠬᠤ ᠤᠬᠠᠮᠰᠠᠷ ᠢᠶᠠᠨ ᠴᠢᠩᠭᠠᠳᠬᠠᠬᠤ ᠠᠴᠠ ᠭᠠᠷᠳᠠᠵᠤ᠂ | ᠣᠨᠣᠪᠴᠢᠲᠠᠶ ᠬᠡᠮᠵᠢᠵᠦ ᠰᠦᠢᠳᠬᠡᠯ ᠬᠤᠷᠢᠶᠠᠬᠤ ᠶᠢ ᠬᠡᠷᠡᠭᠵᠢᠭᠦᠯᠵᠦ᠂ ᠤᠰᠤ ᠬᠡᠷᠡᠭᠯᠡᠬᠦ ᠦᠨ᠎ᠡ ᠬᠠᠩᠰᠢ ᠶᠢ ᠵᠦᠢ | ᠵᠣᠬᠢᠰᠲᠠᠢ ᠳᠡᠭᠡᠭᠰᠢᠯᠡᠭᠦᠯᠦᠨ᠂ ᠤᠰᠤ ᠠᠷᠪᠢᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠤᠰᠤ ᠠᠷᠪᠢᠯᠠᠬᠤ ᠲᠤᠬᠠᠢ ᠤᠷᠮᠠᠰᠢᠭᠤᠯᠬᠤ ᠳᠦᠷᠢᠮ ᠢ ᠲᠣᠭᠲᠠᠭᠠᠨ᠂ ᠲᠠᠷᠢᠶᠠᠯᠠᠩ ᠤᠨ ᠤᠰᠤᠨ ᠤ | ᠬᠤᠷᠣᠭᠳᠠᠭᠤᠯᠤᠯ ᠢ ᠬᠠᠮᠤᠭ ᠤᠨ ᠶᠡᠭᠡ ᠬᠡᠮᠵᠢᠶ᠎ᠡ ᠪᠠᠷ ᠪᠠᠭᠤᠷᠠᠭᠤᠯᠤᠨ᠎ᠠ᠃ ᠬᠤᠶᠠᠷ ᠲᠤ᠂ ᠲᠠᠭᠢᠨ ᠠᠰᠢᠭᠯᠠᠵᠤ | ᠪᠤᠯᠬᠤ ᠤᠰᠤ᠂ ᠨᠡᠭᠦᠷᠡᠰᠦᠨ ᠳᠠᠪᠬᠤᠷᠭ᠎ᠠ ᠶᠢᠨ ᠪᠣᠬᠢᠷ ᠤᠰᠤ ᠶᠢ ᠠᠰᠢᠭᠯᠠᠬᠤ ᠨᠣᠷᠮ᠎ᠠ ᠳᠣᠣᠷ᠎ᠠ ᠪᠠᠶᠢᠬᠤ | ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠲᠠᠭᠢᠨ ᠠᠰᠢᠭᠯᠠᠵᠤ ᠪᠤᠯᠬᠤ ᠤᠰᠤ ᠶᠢ ᠡᠭᠡᠭᠦᠯᠦᠨ ᠬᠡᠷᠡᠭᠯᠡᠬᠦ ᠬᠤᠭᠤᠯᠠᠢ | ᠲᠣᠣᠷ ᠤᠨ ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠲᠦᠷᠭᠡᠳᠬᠡᠨ ᠨᠥᠬᠦᠪᠦᠷᠢᠯᠡᠵᠦ᠂ ᠠᠵᠤ ᠠᠬᠤᠶᠢᠯᠠᠯ ᠢ | ᠵᠣᠷᠢᠭᠵᠢᠭᠤᠯᠵᠤ ᠠᠭᠤᠷᠬᠠᠢ ᠶᠢᠨ ᠬᠤᠳᠳᠤᠭ ᠤᠨ ᠨᠡᠭᠦᠷᠡᠰᠦᠨ ᠳᠠᠪᠬᠤᠷᠭ᠎ᠠ ᠶᠢᠨ ᠪᠣᠬᠢᠷ ᠤᠰᠤ ᠶᠢ ᠶᠡᠷᠦᠩᠬᠡᠶᠢᠯᠡᠨ | ᠠᠰᠢᠭᠯᠠᠬᠤ ᠨᠣᠷᠮ᠎ᠠ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠬᠥᠷᠥᠰᠥ ᠰᠢᠷᠣᠢ ᠶᠢᠨ ᠢᠳᠡᠭᠳᠡᠯ ᠤᠨ ᠠᠰᠠᠭᠤᠳᠠᠯ ᠢ | ᠬᠦᠴᠦᠯᠡᠨ ᠰᠢᠢᠳᠪᠦᠷᠢᠯᠡᠵᠦ᠂ ᠨᠦᠯᠦᠮᠡᠯ ᠭᠠᠵᠠᠷ ᠤᠨ ᠬᠠᠰᠢᠯᠭ᠎ᠠ ᠶᠢᠨ ᠠᠶᠤᠯ ᠲᠦᠭᠰᠢᠭᠦᠷᠢ ᠶᠢ ᠠᠷᠢᠯᠭᠠᠬᠤ ᠪᠠ | ᠰᠢᠨ᠎ᠡ ᠪᠠᠷ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠬᠢᠵᠦ᠂ ᠲᠣᠬᠢᠷᠠᠮᠵᠢᠲᠠᠢ ᠭᠠᠵᠠᠷ ᠣᠷᠣᠨ ᠳᠤ ᠭᠡᠷᠡᠯᠴᠢ | ᠴᠡᠨᠡᠭ ᠢᠶᠠᠷ ᠡᠯᠡᠰᠦ ᠶᠢ ᠵᠠᠰᠠᠬᠤ ᠶᠢ ᠥᠷᠭᠡᠨ ᠢᠶᠠᠷ ᠬᠡᠷᠡᠭᠵᠢᠭᠦᠯᠵᠦ᠂ ᠲᠣᠬᠢᠷᠠᠮᠵᠢᠲᠠᠢ ᠭᠠᠵᠠᠷ ᠲᠤ ᠲᠣᠬᠢᠷᠠᠮᠵᠢᠲᠠᠢ | ᠮᠣᠳᠣ ᠳᠠᠷᠢᠵᠤ᠂ ᠦᠷ᠎ᠡ ᠠᠰᠢᠭ ᠢ ᠲᠡᠷᠢᠭᠦᠨ ᠳᠤ ᠲᠠᠯᠪᠢᠵᠤ ᠠᠮᠢ ᠠᠬᠤᠢ ᠶᠢ ᠰᠡᠷᠭᠦᠭᠡᠨ ᠵᠠᠰᠠᠬᠤ ᠶᠢ ᠠᠬᠢᠭᠤᠯᠤᠨ᠎ᠠ᠃ | ᠳᠥᠷᠪᠡ ᠳᠤ᠂ ᠬᠠᠳᠤᠨ ᠭᠤᠣᠯ ᠤᠨ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠨᠥᠬᠦᠪᠦᠷᠢ ᠶᠢᠨ | ᠲᠣᠭᠲᠠᠴᠠ ᠲᠤᠲᠠᠭᠳᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠲᠠᠪᠤ ᠳᠤ᠂ ᠣᠷᠴᠢᠨ | ᠲᠣᠭᠤᠷᠢᠨ ᠤ ᠪᠣᠬᠢᠷᠳᠤᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠭᠤᠯᠠ ᠤᠰᠤ ᠤᠢ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ ᠢ ᠶᠡᠭᠡ ᠪᠠᠷ ᠴᠡᠭᠴᠡᠯᠡᠨ ᠵᠠᠰᠠᠵᠤ᠂ | ᠦᠬᠠᠢ ᠵᠢᠴᠢ ᠲᠡᠭᠦᠨ ᠤ ᠡᠷᠭᠢᠨ ᠲᠣᠭᠤᠷᠢᠨ ᠤ ᠭᠠᠵᠠᠷ ᠣᠷᠣᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ | ᠰᠠᠶᠢᠵᠢᠷᠠᠭᠤᠯᠤᠨ᠎ᠠ᠃ ᠵᠢᠷᠭᠤᠭ᠎ᠠ ᠳᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠲᠣᠪᠤᠶᠢᠮ᠎ᠠ ᠪᠤᠰᠤ | ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠱᠠᠩᠨᠠᠵᠤ ᠲᠣᠷᠭᠠᠬᠤ ᠶᠢ ᠲᠣᠳᠣᠷᠬᠠᠢ ᠪᠠᠶᠢᠯᠭᠠᠬᠤ ᠶᠢ ᠪᠠᠷᠢᠮᠲᠠᠯᠠᠵᠤ᠂ ᠰᠠᠶᠢᠲᠤᠷ | ᠰᠠᠶᠢᠵᠢᠷᠠᠭᠤᠯᠤᠭᠰᠠᠨ ᠢ ᠨᠢ ᠵᠣᠬᠢᠰᠲᠠᠢ ᠠᠷᠭ᠎ᠠ ᠮᠠᠶ᠋ᠢᠭ ᠢᠶᠠᠷ ᠱᠠᠩᠨᠠᠵᠤ᠂ ᠣᠯᠠᠨᠲᠠ ᠬᠠᠯᠠᠨ ᠰᠠᠶᠢᠵᠢᠷᠠᠭᠤᠯᠤᠭᠰᠠᠨ ᠴᠤ | ᠣᠯᠠᠨᠲᠠ ᠵᠥᠷᠢᠴᠡᠵᠦ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠢ ︽ᠬᠦᠨᠳᠦ ᠪᠠᠷ ᠰᠢᠢᠳᠬᠡᠵᠦ︾ ᠴᠢᠩᠭ᠎ᠠ | ᠰᠢᠢᠳᠪᠦᠷᠢᠯᠡᠨ᠎ᠡ᠃ ᠲᠤᠯᠤᠭ᠎ᠠ ᠳᠤ᠂ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ | ᠠᠰᠢᠭ ᠥᠨᠳᠥᠷ ᠪᠢᠰᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠲᠦᠮᠵᠢᠲᠡᠢ ᠠᠷᠭ᠎ᠠ ᠵᠠᠮ ᠢ | ᠰᠦᠪᠡᠭᠴᠢᠯᠡᠵᠦ᠂ ᠪᠡᠯᠡ ᠮᠥᠩᠭᠦ ᠶᠢ ᠰᠢᠯᠢᠳᠡᠭᠵᠢᠭᠦᠯᠦᠨ ᠨᠡᠶᠢᠳᠬᠡᠵᠦ᠂ ᠬᠦᠴᠦ ᠪᠠᠨ ᠲᠥᠪᠯᠡᠷᠡᠭᠦᠯᠦᠨ ᠬᠦᠴᠢᠷ | ᠠᠰᠠᠭᠤᠳᠠᠯ ᠢ ᠰᠢᠢᠳᠪᠦᠷᠢᠯᠡᠵᠦ᠂ ᠶᠡᠭᠡ ᠶᠠᠪᠤᠳᠠᠯ ᠢ ᠪᠦᠲᠦᠭᠡᠨ᠎ᠡ᠃ ᠨᠠᠢᠮᠠ ᠳᠤ᠂ ᠬᠥᠳᠡᠭᠡ ᠲᠣᠰᠬᠤᠨ ᠤ ᠭᠠᠵᠠᠷ | ᠰᠢᠷᠣᠢ ᠰᠤᠯᠠ ᠲᠠᠯᠪᠢᠭᠳᠠᠵᠤ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠬᠥᠨᠳᠡᠶᠢᠷᠡᠭᠰᠡᠨ ᠲᠣᠰᠬᠤᠨ︾ | ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠡᠯ᠎ᠡ ᠲᠦᠷᠦᠯ ᠤᠨ | ᠭᠠᠵᠠᠷ ᠰᠢᠷᠣᠢ ᠶᠢᠨ ᠠᠷᠠᠯᠵᠢᠶᠠᠨ ᠤ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠯᠡᠵᠦ ᠭᠦᠢᠴᠡᠳ ᠬᠡᠷᠡᠭᠯᠡᠵᠦ᠂ | ᠭᠠᠵᠠᠷ ᠰᠢᠷᠣᠢ ᠶᠢᠨ ᠦᠷᠳᠡᠭ ᠢ ᠳᠡᠭᠡᠭᠰᠢᠯᠡᠭᠦᠯᠦᠨ᠎ᠡ᠃ ᠶᠢᠰᠦ ᠳᠤ᠂ ᠬᠠᠲᠤᠨ ᠭᠤᠣᠯ ᠳᠠᠭᠠᠤ ᠶᠢᠨ ᠰᠣᠶᠣᠯ | ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠭᠦᠢᠴᠡᠳ ᠪᠤᠰᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ | ᠥᠨᠳᠥᠷ ᠲᠦᠪᠰᠢᠨ ᠢᠶᠠᠷ ᠲᠥᠯᠥᠪᠵᠢᠭᠦᠯᠦᠨ ᠪᠠᠶᠢᠷᠢᠰᠢᠭᠤᠯᠬᠤ ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ ᠤᠨ | ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠤᠨ᠎ᠠ᠃ ᠠᠷᠪᠠ ᠳᠤ᠂ ᠮᠠᠯᠴᠢᠨ | ᠲᠠᠷᠢᠶᠠᠴᠢᠨ ᠤ ᠡᠵᠡᠨ ᠬᠥᠮᠥᠨ ᠤ ᠦᠵᠡᠯ ᠤᠬᠠᠮᠰᠠᠷ ᠴᠢᠩᠭ᠎ᠠ ᠪᠤᠰᠤ ᠪᠠᠶᠢᠭ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠤᠬᠠᠭᠤᠯᠭ᠎ᠠ ᠬᠥᠮᠦᠵᠢᠯ ᠪᠣᠯᠣᠨ ᠣᠯᠠᠨ ᠲᠦᠮᠡᠨ ᠢ ᠵᠣᠬᠢᠶᠠᠨ ᠪᠠᠶᠢᠭᠤᠯᠤᠨ ᠳᠠᠶᠢᠴᠢᠯᠠᠬᠤ ᠠᠵᠢᠯ ᠢ | ᠴᠢᠩᠭᠠᠳᠬᠠᠨ ᠰᠠᠶᠢᠵᠢᠷᠠᠭᠤᠯᠵᠤ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ ᠶᠡᠭᠡ ᠪᠠᠷ ᠬᠡᠷᠡᠭᠵᠢᠭᠦᠯᠵᠦ | ᠂ ᠥᠷᠭᠡᠨ ᠣᠯᠠᠨ ᠮᠠᠯᠴᠢᠳ ᠲᠠᠷᠢᠶᠠᠴᠢᠳ ᠤᠨ ᠬᠥᠳᠡᠭᠡ ᠲᠤᠰᠬᠤᠨ ᠮᠠᠯᠵᠢᠬᠤ ᠣᠷᠣᠨ ᠤ ᠪᠦᠲᠦᠭᠡᠨ | ᠪᠠᠶᠢᠭᠤᠯᠤᠯᠲᠠ ᠳᠤ ᠣᠷᠤᠯᠴᠠᠬᠤ ᠬᠠᠷᠢᠭᠤᠴᠠᠯᠭᠠᠲᠤ ᠰᠡᠳᠬᠢᠯᠭᠡ ᠪᠣᠯᠣᠨ ᠬᠦᠷᠲᠡᠮᠵᠢ ᠶᠢᠨ ᠲᠥᠷᠥᠭᠳᠡᠯ ᠢ | ᠨᠡᠮᠡᠭᠳᠡᠭᠦᠯᠦᠨ᠎ᠡ᠃ ᠬᠤᠷᠠᠯ ᠠᠴᠠ᠂ ᠬᠤᠯᠪᠣᠭᠳᠠᠯ ᠪᠦᠬᠦᠢ ᠲᠠᠯ᠎ᠠ ᠶᠢᠨ ᠬᠢᠨ ᠪᠠᠶᠢᠴᠠᠭᠠᠨ ᠰᠤᠳᠤᠯᠤᠯᠲᠠ ᠶᠢ ᠶᠡᠭᠡ ᠪᠠᠷ | ᠪᠠᠳᠠᠷᠠᠭᠤᠯᠵᠤ᠂ ᠴᠡᠭ ᠲᠤ ᠰᠠᠭᠤᠬᠤ ᠮᠠᠶ᠋ᠢᠭ ᠤᠨ᠂ ᠨᠢᠭᠡ ᠨᠢᠭᠡ ᠪᠠᠷ ᠪᠠᠶᠢᠴᠠᠭᠠᠨ ᠰᠢᠨᠵᠢᠯᠡᠬᠦ ᠮᠠᠶ᠋ᠢᠭ ᠤᠨ ᠪᠠᠶᠢᠴᠠᠭᠠᠨ | ᠰᠤᠳᠤᠯᠤᠯᠲᠠ ᠶᠢ ᠢᠯᠡᠭᠦᠬᠡᠨ ᠬᠢᠵᠦ᠂ ᠠᠰᠠᠭᠤᠳᠠᠯ ᠢ ᠲᠠᠰᠤᠷᠠᠯᠲᠠ ᠦᠭᠡᠢ ᠢᠯᠡᠷᠡᠭᠦᠯᠭᠦ ᠪᠠ ᠰᠢᠢᠳᠪᠦᠷᠢᠯᠡᠬᠦ ᠪᠠᠷ | ᠳᠡᠮᠵᠢᠨ᠂ ᠳᠦᠷᠢᠮ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠠᠲᠤᠨ ᠭᠤᠣᠯ ᠳᠠᠭᠠᠤ ᠭᠠᠵᠠᠷ ᠣᠷᠣᠨ ᠤ | ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠨᠠᠩ ᠶᠡᠭᠡ ᠦᠷ᠎ᠡ ᠪᠦᠲᠦᠮᠵᠢ | ᠣᠯᠬᠤ ᠶᠢ ᠠᠬᠢᠭᠤᠯᠵᠤ᠂ ᠬᠠᠲᠤᠨ ᠭᠤᠣᠯ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠷᠠᠯ ᠳᠤ ᠣᠷᠣᠯᠴᠠᠵᠠᠢ᠃ | | |