| | ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠨᠢᠭᠡᠳᠦᠭᠡᠷ | ᠤᠯᠠᠷᠢᠯ ᠳᠤ 6378.3 ᠲᠦᠮᠡᠨ ᠲᠣᠨ ᠤᠨ ᠡᠳ᠋ ᠪᠠᠷᠠᠭ᠎ᠠ ᠬᠦᠷᠭᠡᠵᠦ᠂ ᠡᠳᠦᠷ ᠪᠦᠷᠢ ᠳᠤᠮᠳᠠᠴᠢ ᠪᠠᠷ 10788 | ᠲᠡᠷᠭᠡ ᠲᠡᠭᠡᠭᠡᠪᠦᠷᠢᠯᠡᠨ᠂ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠪᠠ ᠡᠳᠦᠷ ᠪᠦᠷᠢ ᠳᠤᠮᠳᠠᠴᠢ ᠪᠠᠷ ᠲᠡᠭᠡᠭᠡᠪᠦᠷᠢᠯᠡᠭᠰᠡᠨ | ᠲᠡᠷᠭᠡᠨ ᠤ ᠲᠤᠭ᠎ᠠ ᠥᠨᠳᠥᠷ ᠪᠠᠶᠢᠷᠢ ᠶᠢ ᠪᠠᠲᠤᠯᠠᠵᠠᠢ᠃ ᠰᠢᠨ᠎ᠡ ᠵᠢᠯ ᠠᠴᠠ ᠨᠠᠭᠠᠰᠢ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠲᠦᠷᠭᠡᠳᠬᠦ ᠶᠢ ᠳᠠᠭᠠᠯᠳᠤᠨ᠂ ᠨᠡᠭᠦᠷᠡᠰᠦ ᠵᠡᠷᠭᠡ ᠥᠷᠭᠡᠨ | ᠬᠡᠷᠡᠭᠴᠡᠭᠡᠨ ᠤ ᠡᠨᠧᠷᠭᠢ ᠶᠢᠨ ᠡᠳ᠋ ᠪᠣᠳᠠᠰ ᠲᠡᠭᠡᠭᠡᠪᠦᠷᠢᠯᠡᠬᠦ ᠬᠡᠷᠡᠭᠴᠡᠭᠡ ᠨᠡᠮᠡᠭᠳᠡᠭᠰᠡᠨ ᠠᠴᠠ ᠳᠤᠮᠳᠠᠳᠤ ᠤᠯᠤᠰ ᠤᠨ | ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠨᠢ ᠪᠠᠷᠠᠭᠠᠨ ᠤ ᠲᠡᠭᠡᠭᠡᠪᠦᠷᠢ ᠶᠢᠨ ᠨᠡᠮᠡᠭᠳᠡᠯ ᠪᠠ ᠴᠠᠬᠢᠯᠭᠠᠨ ᠭᠠᠷᠭᠠᠬᠤ | ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠰᠢᠪᠲᠤᠯᠤᠯᠲᠠ ᠶᠢᠨ ᠳᠠᠶᠢᠯᠠᠯᠳᠤᠭᠠᠨ ᠥᠷᠨᠢᠭᠦᠯᠵᠦ᠂ ᠨᠡᠭᠦᠷᠡᠰᠦᠨ ᠤ | ᠳᠤᠮᠳᠠ ᠣᠷᠳᠣ ᠬᠤᠭᠤᠴᠠᠭᠠᠨ ᠤ ᠲᠡᠭᠡᠭᠡᠪᠦᠷᠢ ᠶᠢᠨ ᠭᠤᠣᠯᠳᠠᠯᠭ᠎ᠠ ᠲᠠᠢ ᠬᠡᠷᠡᠭᠯᠡᠭᠴᠢᠳ ᠪᠠ ᠭᠤᠣᠯᠳᠠᠯᠭ᠎ᠠ ᠲᠠᠢ | ᠪᠠᠲᠤᠯᠠᠭ᠎ᠠ ᠶᠢᠨ ᠠᠵᠤ ᠠᠬᠤᠶᠢᠯᠠᠯ ᠤᠳ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠴᠠᠬᠢᠯᠭᠠᠨ ᠭᠠᠷᠭᠠᠬᠤ | ᠨᠡᠭᠦᠷᠡᠰᠦᠨ ᠤ ᠪᠠᠴᠢᠮ ᠪᠠᠶᠢᠳᠠᠯ ᠢ ᠠᠷᠭᠠᠴᠠᠭᠠᠨ ᠬᠠᠩᠭᠠᠯᠭ᠎ᠠ ᠶᠢ ᠪᠠᠲᠤᠯᠠᠬᠤ ᠬᠤᠯᠪᠤᠭᠠᠯᠠᠨ ᠬᠥᠳᠡᠯᠦᠯᠴᠡᠬᠦ ᠠᠵᠢᠯ ᠤᠨ | ᠵᠠᠭᠪᠤᠷ ᠢ ᠪᠠᠶᠢᠭᠤᠯᠤᠨ᠂ ᠴᠠᠬᠢᠯᠭᠠᠨ ᠭᠠᠷᠭᠠᠬᠤ ᠨᠡᠭᠦᠷᠡᠰᠦᠨ ᠤ ᠬᠠᠳᠠᠭᠠᠯᠠᠯᠲᠠ ᠶᠢᠨ ᠪᠠᠶᠢᠳᠠᠯ ᠪᠠ ᠬᠤᠷᠣᠭᠳᠠᠯ ᠤᠨ | ᠪᠠᠶᠢᠳᠠᠯ ᠢ ᠡᠳᠦᠷ ᠪᠦᠷᠢ ᠣᠶᠢᠯᠠᠭᠠᠵᠤ᠂ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢ ᠰᠢᠯᠢᠳᠡᠭᠵᠢᠭᠦᠯᠦᠨ᠂ | ᠴᠠᠬᠢᠯᠭᠠᠨ ᠭᠠᠷᠭᠠᠬᠤ ᠨᠡᠭᠦᠷᠡᠰᠦᠨ ᠤ ︽ᠲᠡᠷᠭᠡᠨ ᠳᠤ ᠠᠴᠢᠶᠠᠯᠠᠬᠤ ᠡᠳᠦᠷ ᠰᠠᠷ᠎ᠠ ᠶᠢᠨ ᠲᠡᠮᠳᠡᠭᠯᠡᠯ︾ ᠢ ᠲᠣᠭᠲᠠᠭᠠᠵᠠᠢ | ᠃ ᠡᠭᠦᠨ ᠤ ᠬᠠᠮᠲᠤ ᠲᠠᠩᠱᠠᠨ ᠠᠴᠠ ᠪᠣᠭᠤᠳᠤ ᠬᠦᠷᠬᠦ᠂ ᠬᠤᠯᠪᠤᠭᠠᠯᠵᠢ ᠡᠮᠦᠨ᠎ᠡ ᠥᠷᠲᠡᠭᠡᠨ ᠠᠴᠠ ᠵᠢᠢ ᠠᠨ ᠬᠦᠷᠬᠦ | ᠵᠡᠷᠭᠡ ᠨᠡᠭᠦᠷᠡᠰᠦ ᠵᠥᠭᠡᠭᠡᠪᠦᠷᠢᠯᠡᠬᠦ ᠵᠠᠮ ᠤᠨ ᠴᠢᠳᠠᠪᠤᠷᠢ ᠶᠢ ᠭᠦᠢᠴᠡᠳ ᠠᠰᠢᠭᠯᠠᠨ᠂ ᠪᠠᠷᠠᠭᠤᠨ ᠤ ᠨᠡᠭᠦᠷᠡᠰᠦ ᠶᠢ | ᠵᠡᠭᠦᠨᠰᠢ ᠵᠥᠭᠡᠭᠡᠪᠦᠷᠢᠯᠡᠬᠦ᠂ ᠤᠮᠠᠷᠠᠲᠤ ᠶᠢᠨ ᠨᠡᠭᠦᠷᠡᠰᠦ ᠶᠢ ᠡᠮᠦᠨᠡᠰᠢ ᠵᠥᠭᠡᠭᠡᠪᠦᠷᠢᠯᠡᠬᠦ ᠶᠢ ᠪᠦᠬᠦ ᠬᠦᠴᠦᠨ ᠢᠶᠠᠷ ᠢᠶᠠᠨ | ᠵᠣᠬᠢᠶᠠᠨ ᠪᠠᠶᠢᠭᠤᠯᠵᠤ᠂ ᠲᠦᠮᠡᠨ ᠲᠣᠨ ᠤ ᠨᠡᠭᠦᠷᠡᠰᠦ ᠠᠴᠢᠬᠤ ᠴᠢᠳᠠᠮᠵᠢ ᠪᠦᠬᠦᠢ ᠭᠠᠯᠲᠤ ᠲᠡᠷᠭᠡ ᠶᠢ ᠡᠳᠦᠷ ᠪᠦᠷᠢ | ᠳᠤᠮᠳᠠᠴᠢ ᠪᠠᠷ 29 ᠨᠡᠪᠲᠡᠷᠡᠭᠦᠯᠵᠦ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠵᠡᠭᠦᠨ ᠬᠤᠶᠢᠲᠤ ᠶᠢᠨ ᠭᠤᠷᠪᠠᠨ ᠮᠤᠵᠢ ᠵᠡᠷᠭᠡ 20 ᠭᠠᠷᠤᠢ ᠮᠤᠵᠢ ᠣᠷᠣᠨ ᠬᠤᠳᠠ ᠶᠢᠨ ᠴᠠᠬᠢᠯᠭᠠᠨ ᠭᠠᠷᠭᠠᠬᠤ | ᠨᠡᠭᠦᠷᠡᠰᠦᠨ ᠤ ᠬᠠᠩᠭᠠᠯᠭ᠎ᠠ ᠶᠢ ᠪᠦᠬᠦ ᠬᠦᠴᠦᠨ ᠢᠶᠠᠷ ᠢᠶᠠᠨ ᠪᠠᠲᠤᠯᠠᠵᠠᠢ᠃ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠵᠡᠷᠭᠡ ᠶᠢᠨ ᠡᠳ᠋ ᠪᠣᠳᠠᠰ ᠲᠡᠭᠡᠭᠡᠪᠦᠷᠢᠯᠡᠬᠦ ᠬᠡᠷᠡᠭᠴᠡᠭᠡ ᠶᠢ ᠪᠠᠲᠤᠯᠠᠬᠤ ᠶᠢᠨ ᠲᠤᠰᠠᠳᠠ᠂ ᠳᠤᠮᠳᠠᠳᠤ | ᠤᠯᠤᠰ ᠤᠨ ᠲᠡᠮᠦᠷ ᠵᠠᠮ ᠤᠨ ᠬᠥᠬᠡᠬᠤᠲᠠ ᠶᠢᠨ ᠲᠣᠪᠴᠢᠶ᠎ᠠ ᠠᠴᠠ ᠲᠡᠮᠦᠷ ᠵᠠᠮ ᠤᠨ ᠲᠡᠭᠡᠭᠡᠪᠦᠷᠢ ᠶᠢᠨ | ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ | ᠠᠮᠤ ᠪᠤᠳᠠᠭ᠎ᠠ᠂ ᠬᠢᠮᠢ ᠶᠢᠨ ᠪᠣᠷᠳᠣᠭᠤᠷ᠂ ᠦᠨᠢᠶᠡᠨ ᠰᠦ ᠵᠡᠷᠭᠡ ᠭᠤᠣᠯᠳᠠᠯᠭ᠎ᠠ ᠲᠠᠢ ᠲᠠᠷᠢᠶᠠᠯᠠᠩ ᠤᠨ | ᠪᠦᠲᠦᠭᠡᠭᠳᠡᠬᠦᠨ ᠲᠡᠭᠡᠭᠡᠪᠦᠷᠢᠯᠡᠬᠦ ᠦᠢᠯᠡᠴᠢᠯᠡᠭᠡᠨ ᠤ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠲᠡᠮᠦᠷ | ᠵᠠᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠦᠭᠡᠮᠡᠯ ᠬᠠᠷᠠᠭᠠᠯᠵᠠᠯᠲᠤ ᠴᠢᠨᠠᠷ᠂ ᠲᠡᠩᠴᠡᠭᠦᠷᠢᠲᠦ ᠴᠢᠨᠠᠷ᠂ | ᠪᠣᠯᠣᠮᠵᠢᠲᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠬᠥᠭᠦᠷᠭᠡᠨ ᠪᠠᠬᠢᠯᠡᠯᠲᠡ ᠶᠢ ᠪᠠᠶᠢᠭᠤᠯᠬᠤ ᠳᠤ ᠦᠢᠯᠡᠴᠢᠯᠡᠬᠦ ᠲᠠᠯ᠎ᠠ ᠪᠠᠷ᠂ ᠳᠤᠮᠳᠠᠳᠤ ᠤᠯᠤᠰ ᠤᠨ ᠲᠡᠮᠦᠷ ᠵᠠᠮ ᠤᠨ | ᠬᠥᠬᠡᠬᠤᠲᠠ ᠶᠢᠨ ᠲᠣᠪᠴᠢᠶ᠎ᠠ ᠵᠢᠨᠢᠩ ᠡᠮᠦᠨ᠎ᠡ ᠥᠷᠲᠡᠭᠡ ᠠᠴᠠ ᠡᠷᠢᠶᠡᠨ ᠬᠤᠲᠠ ᠬᠦᠷᠬᠦ᠂ ᠯᠢᠨ ᠾᠧ ᠠᠴᠠ ᠴᠡᠭᠡ | ᠬᠦᠷᠬᠦ ᠲᠡᠮᠦᠷ ᠵᠠᠮ ᠤᠨ ᠲᠡᠭᠡᠭᠡᠪᠦᠷᠢ ᠶᠢᠨ ᠳᠠᠯᠳᠠ ᠬᠦᠴᠦᠨ ᠢ ᠶᠡᠭᠡ ᠪᠠᠷ ᠠᠭᠤᠳᠠᠯᠵᠤ᠂ ᠡᠷᠢᠶᠡᠨ᠂ ᠴᠡᠭᠡ ᠵᠡᠷᠭᠡ | ᠲᠡᠮᠦᠷ ᠵᠠᠮ ᠤᠨ ᠬᠢᠯᠢ ᠶᠢᠨ ᠪᠣᠭᠤᠮᠲᠠ ᠪᠠᠷ ᠥᠩᠭᠡᠷᠡᠭᠦᠯᠬᠦ ᠪᠠᠷᠠᠭᠠᠨ ᠤ ᠬᠡᠮᠵᠢᠶ᠎ᠡ ᠶᠢ ᠦᠷᠭᠦᠯᠵᠢᠯᠡᠨ ᠨᠡᠮᠡᠭᠳᠡᠭᠦᠯᠵᠦ᠂ | ︽ᠨᠢᠭᠡ ᠪᠦᠰᠡ ᠨᠢᠭᠡ ᠵᠠᠮ︾ ᠤᠨ ᠴᠢᠨᠠᠷ ᠰᠠᠶᠢᠲᠠᠢ ᠬᠥᠭᠵᠢᠯᠲᠡ ᠳᠤ ᠲᠡᠭᠡᠭᠡᠪᠦᠷᠢ ᠶᠢᠨ ᠲᠤᠯᠭᠠᠭᠤᠷᠢ ᠪᠠ ᠴᠢᠨᠠᠷ | ᠰᠠᠶᠢᠲᠠᠢ ᠦᠢᠯᠡᠳᠬᠦᠨ ᠪᠦᠲᠦᠭᠡᠭᠳᠡᠬᠦᠨ ᠬᠠᠩᠭᠠᠨ᠎ᠠ᠃ | | | | |