︽ᠰᠢᠷᠭᠤᠯᠵᠢ︾ ᠪᠥᠯᠥᠭᠯᠡᠯ ᠬᠤᠯᠠᠨ ᠰᠢᠷᠭ᠎ᠠ ᠳᠠᠭ᠎ᠠ ᠳᠤ 1 ᠳ᠋ᠦᠩᠰᠢᠭᠤᠷ ᠲᠦᠭᠦᠷᠢᠭ ᠬᠠᠨᠳᠢᠪᠯᠠᠨ᠎ᠠ
ᠨᠡᠶᠢᠲᠡᠯᠡᠭᠰᠡᠨ ᠴᠠᠭ᠄
2023/4/13
               ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠬᠢᠭᠡᠳ ︽ᠰᠢᠷᠭᠤᠯᠵᠢ︾ ᠪᠦᠯᠦᠭᠯᠡᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠦᠪᠯᠡᠯᠴᠡᠭᠡᠷ ᠲᠣᠭᠲᠠᠵᠤ᠂ ᠢᠷᠡᠬᠦ 3 ᠵᠢᠯ ᠳᠤ᠂ ᠲᠤᠰ ᠪᠦᠯᠦᠭᠯᠡᠯ ᠨᠢ ᠦᠪᠦᠷ ᠮᠣᠩᠭᠤᠯ ᠤᠨ ᠬᠤᠯᠠᠨ ᠰᠢᠷᠭ᠎ᠠ ᠳᠠᠭ᠎ᠠ ᠶᠢᠨ ᠬᠡᠪᠴᠢᠶᠡᠵᠢᠭᠰᠡᠨ ᠣᠢ ᠰᠢᠭᠤᠢ ᠶᠢᠨ ᠲᠠᠯᠠᠪᠠᠢ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠳᠤ 1 ᠳ᠋ᠦᠩᠰᠢᠭᠤᠷ ᠲᠦᠭᠦᠷᠢᠭ ᠤᠨ ᠪᠡᠯᠡ ᠮᠥᠩᠭᠦ ᠬᠠᠨᠳᠢᠪᠯᠠᠵᠤ᠂ ᠣᠢ ᠰᠢᠭᠤᠢ ᠡᠪᠡᠰᠦ ᠪᠡᠯᠴᠢᠭᠡᠷ ᠤᠨ ᠠᠮᠢ ᠠᠬᠤᠢ ᠶᠢ ᠰᠡᠷᠭᠦᠭᠡᠬᠦ ᠪᠠ ᠬᠠᠮᠠᠭᠠᠯᠠᠬᠤ᠂ ᠡᠯᠡᠰᠦᠷᠬᠡᠭᠵᠢᠭᠰᠡᠨ ᠭᠠᠵᠠᠷ ᠰᠢᠷᠤᠢ ᠶᠢ ᠵᠠᠰᠠᠬᠤ ᠳᠤ ᠬᠡᠷᠡᠭᠯᠡᠵᠦ᠂ ᠣᠢ ᠰᠢᠭᠤᠢ ᠡᠪᠡᠰᠦ ᠪᠡᠯᠴᠢᠭᠡᠷ ᠤᠨ ᠠᠵᠤ ᠦᠢᠯᠡᠰ ᠤᠨ ᠬᠥᠭᠵᠢᠯᠲᠡ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠠᠮᠡᠭᠳᠡᠯ ᠳᠤ ᠬᠦᠴᠦᠨ ᠨᠡᠮᠡᠷᠢᠯᠡᠬᠦ ᠪᠣᠯᠣᠨ᠎ᠠ ᠭᠡᠵᠡᠢ᠃ ᠵᠥᠪᠯᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠳᠤᠯ ᠦᠭᠡᠢ ᠪᠠᠷ ᠬᠥᠭᠵᠢᠭᠦᠯᠬᠦ᠂ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ᠂ ᠬᠠᠮᠲᠤᠷᠠᠯᠴᠠᠵᠤ ᠬᠠᠮᠲᠤ ᠪᠠᠷ ᠠᠰᠢᠭ ᠬᠥᠷᠲᠡᠬᠦ︾ ᠵᠠᠷᠴᠢᠮ ᠶᠣᠰᠣᠭᠠᠷ᠂ ᠠᠮᠢ ᠠᠬᠤᠢ ᠶᠢᠨ ᠬᠠᠮᠠᠭᠠᠯᠠᠯᠲᠠ᠂ ᠪᠣᠬᠢᠷᠳᠤᠯ ᠦᠭᠡᠢ ᠨᠡᠭᠦᠷᠡᠰᠦᠳᠦ᠋ᠷᠦᠭᠴᠢ ᠪᠠᠭ᠎ᠠ ᠭᠠᠳᠠᠭᠰᠢᠯᠠᠭᠤᠯᠬᠤ᠂ ᠲᠣᠭᠠᠴᠢᠯᠠᠭᠰᠠᠨ ᠠᠵᠤ ᠠᠬᠤᠢ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠬᠦᠷᠢᠶᠡᠨ ᠳᠤ ᠬᠠᠮᠲᠤᠷᠠᠯᠴᠠᠭᠠᠨ ᠤ ᠣᠷᠣᠨ ᠵᠠᠢ ᠶᠢ ᠴᠢᠨᠠᠭᠰᠢᠳᠠ ᠥᠷᠭᠡᠳᠬᠡᠵᠦ᠂ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ᠬᠠᠮᠲᠤᠷᠠᠯᠴᠠᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠣᠶᠢᠯᠠᠭᠠᠭᠰᠠᠨ ᠢᠶᠠᠷ᠂ 2016 ᠣᠨ ᠠᠴᠠ ᠨᠠᠭᠠᠰᠢ᠂ ︽ᠰᠢᠷᠭᠤᠯᠵᠢ︾ ᠪᠦᠯᠦᠭᠯᠡᠯ ︽ᠰᠢᠷᠭᠤᠯᠵᠢ ᠶᠢᠨ ᠣᠢ︾ ᠨᠡᠶᠢᠲᠡ ᠶᠢᠨ ᠠᠰᠠᠷᠠᠮᠵᠢ ᠶᠢᠨ ᠣᠶᠢᠵᠢᠭᠤᠯᠤᠯᠲᠠ ᠶᠢᠨ ᠲᠦᠷᠥᠯ ᠵᠦᠢᠯ ᠢ ᠬᠡᠷᠡᠭᠵᠢᠭᠦᠯᠵᠦ᠂ ᠳᠤᠮᠳᠠᠳᠤ ᠤᠯᠤᠰ ᠤᠨ ᠨᠣᠭᠤᠭᠠᠷᠠᠭᠤᠯᠤᠯᠲᠠ ᠶᠢᠨ ᠰᠠᠭᠤᠷᠢ ᠮᠥᠩᠭᠦᠨ ᠤ ᠨᠡᠶᠢᠭᠡᠮᠯᠢᠭ ᠢᠶᠠᠷ ᠳᠠᠮᠵᠢᠭᠤᠯᠤᠨ ᠥᠪᠥᠷ ᠮᠣᠩᠭᠤᠯ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ 7 ᠳ᠋ᠦᠩᠰᠢᠭᠤᠷ ᠭᠠᠷᠤᠢ ᠲᠦᠭᠦᠷᠢᠭ ᠤᠨ ᠪᠡᠯᠡ ᠮᠥᠩᠭᠦ ᠬᠠᠨᠳᠢᠪᠯᠠᠵᠤ᠂ ᠡᠭᠦᠨ ᠳᠤ ᠠᠯᠠᠱᠠ ᠠᠶᠢᠮᠠᠭ᠂ ᠣᠷᠳᠣᠰ ᠬᠤᠲᠠ᠂ ᠪᠠᠶᠠᠨᠨᠠᠭᠤᠷ ᠬᠤᠲᠠ᠂ ᠬᠦᠬᠡᠬᠤᠲᠠ᠂ ᠤᠯᠠᠭᠠᠨᠴᠠᠪ ᠬᠤᠲᠠ᠂ ᠬᠢᠩᠭᠠᠨ ᠠᠶᠢᠮᠠᠭ᠂ ᠤᠯᠠᠭᠠᠨᠬᠠᠳᠠ ᠬᠤᠲᠠ᠂ ᠲᠦᠩᠯᠢᠶᠣᠣ ᠬᠤᠲᠠ ᠂ ᠰᠢᠯᠢ ᠶᠢᠨ ᠭᠤᠣᠯ ᠠᠶᠢᠮᠠᠭ ᠵᠡᠷᠭᠡ 9 ᠠᠶᠢᠮᠠᠭ ᠬᠤᠲᠠ ᠶᠢᠨ 35 ᠬᠤᠰᠢᠭᠤ ᠰᠢᠶᠠᠨ ᠲᠣᠭᠤᠷᠢᠭ ᠲᠤ ᠵᠠᠭ ᠮᠣᠳᠣ᠂ ᠡᠯᠡᠰᠦᠨ ᠪᠤᠷᠭᠠᠰᠤ᠂ ᠪᠤᠲᠠ ᠴᠡᠴᠡᠭ᠂ ᠴᠢᠴᠠᠷᠭᠠᠨ᠎ᠠ᠂ ᠤᠯᠠᠭᠠᠨ ᠪᠤᠷᠭᠠᠰᠤ᠂ ᠤᠯᠢᠶᠠᠰᠤ᠂ ᠨᠠᠶᠢᠯᠵᠠᠭᠤᠷ ᠮᠣᠳᠣ᠂ ᠬᠠᠶᠢᠯᠠᠰᠤᠨ ᠮᠣᠳᠣ᠂ ᠬᠠᠶᠢᠯᠠᠷ ᠨᠠᠷᠠᠰᠤ᠂ ᠭᠠᠴᠤᠷ᠎ᠠ ᠵᠡᠷᠭᠡ 1.4 ᠳ᠋ᠦᠩᠰᠢᠭᠤᠷ ᠰᠠᠭᠤᠷᠢ ᠤᠷᠭᠤᠮᠠᠯ ᠮᠣᠳᠣᠨ ᠤ ᠦᠷ᠎ᠡ ᠬᠠᠨᠳᠢᠪᠯᠠᠵᠤ᠂ ᠶᠡᠷᠦᠩᠬᠡᠢ ᠲᠠᠯᠠᠪᠠᠢ ᠨᠢ 150 ᠲᠦᠮᠡᠨ ᠮᠦ ᠳᠤ ᠬᠦᠷᠦᠭᠰᠡᠨ ᠪᠠᠶᠢᠨ᠎ᠠ᠃ ᠡᠨᠡ ᠵᠢᠯ ᠤᠨ ᠮᠣᠳᠣ ᠲᠠᠷᠢᠬᠤ ᠪᠠᠶᠠᠷ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠳᠤᠮᠳᠠᠳᠤ ᠤᠯᠤᠰ ᠤᠨ ᠬᠥᠳᠡᠭᠡ ᠲᠤᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ᠂ ︽ᠰᠢᠷᠭᠤᠯᠵᠢ ᠪᠦᠯᠦᠭᠯᠡᠯ︾ ᠲᠠᠢ ᠬᠠᠮᠲᠤᠷᠠᠨ ︽ᠬᠠᠪᠤᠷ ᠤᠨ ᠰᠠᠬᠢᠶ᠎ᠠ᠂ ᠦᠵᠡᠰᠭᠦᠯᠡᠩᠲᠦ ᠰᠠᠶᠢᠬᠠᠨ ᠥᠪᠥᠷ ᠮᠣᠩᠭᠤᠯ︾ ᠠᠵᠢᠯᠯᠠᠭ᠎ᠠ ᠥᠷᠨᠢᠭᠦᠯᠵᠦ᠂ 1 ᠳ᠋ᠦᠩᠰᠢᠭᠤᠷ ᠭᠠᠷᠤᠢ ᠬᠦᠮᠦᠨ ︵ᠤᠳᠠᠭ᠎ᠠ︶ ᠭᠠᠷ ᠤᠲᠠᠰᠤ ᠪᠠᠷ ᠢᠶᠠᠨ ᠭᠠᠴᠤᠷ᠎ᠠ ︽ᠤᠰᠤᠯᠠᠪᠠ︾᠃ ︽ᠰᠢᠷᠭᠤᠯᠵᠢ ᠶᠢᠨ ᠣᠢ︾ ᠨᠢ ᠰᠦᠯᠵᠢᠶᠡᠴᠢᠳ ᠤᠨ ︽ᠤᠰᠤᠯᠠᠬᠤ︾ ᠶᠡᠷᠦᠩᠬᠡᠢ ᠬᠡᠮᠵᠢᠶ᠎ᠡ ᠶᠢ ᠦᠨᠳᠦᠰᠦᠯᠡᠨ᠂ 4 ᠰᠠᠷ᠎ᠠ ᠶᠢᠨ 22 ᠤᠨ ᠡᠳᠦᠷ ᠤᠨ ︽ᠳᠡᠯᠡᠬᠡᠢ ᠶᠢᠨ ᠪᠥᠮᠪᠥᠷᠴᠡᠭ ᠤᠨ ᠡᠳᠦᠷ︾ ᠦᠪᠦᠷ ᠮᠣᠩᠭᠤᠯ ᠤᠨ ᠬᠤᠯᠠᠨ ᠰᠢᠷᠭ᠎ᠠ ᠳᠠᠭ᠎ᠠ ᠶᠢᠨ ᠬᠡᠪᠴᠢᠶᠡᠵᠢᠭᠦᠯᠦᠭᠰᠡᠨ ᠣᠢ ᠰᠢᠭᠤᠢ ᠶᠢᠨ ᠲᠠᠯᠠᠪᠠᠢ ᠶᠢᠨ ᠬᠡᠰᠢᠭᠲᠡᠨ ᠬᠤᠰᠢᠭᠤᠨ ᠤ ᠬᠤᠪᠢᠶᠠᠷᠢ ᠲᠠᠯᠠᠪᠠᠢ ᠳᠤ 4.4 ᠲᠦᠮᠡᠨ ᠰᠠᠭᠤᠷᠢ ᠭᠠᠴᠤᠷ᠎ᠠ ᠲᠠᠷᠢᠬᠤ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号