ᠬᠤᠳᠠ ᠶᠢᠨ ᠵᠠᠰᠠᠭ ᠤᠨ ᠣᠷᠳᠣᠨ 2023 ᠣᠨ ᠤ ᠳᠥᠷᠪᠡᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/24
               4 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠸᠠᠩ ᠱᠧᠩ 2023 ᠣᠨ ᠤ ᠬᠤᠳᠠ ᠶᠢᠨ ᠵᠠᠰᠠᠭ ᠤᠨ ᠣᠷᠳᠣᠨ ᠤ ᠳᠥᠷᠪᠡᠳᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠥᠷᠭᠡᠳᠬᠡᠭᠰᠡᠨ︶ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠠᠭᠠᠨᠬᠠᠳᠠ ᠬᠤᠲᠠ ᠶᠢᠨ ᠭᠤᠣᠯ ᠬᠤᠲᠠ ᠶᠢᠨ ᠲᠣᠭᠤᠷᠢᠭ ᠤᠨ ᠬᠤᠲᠠ ᠶᠢᠨ ᠰᠢᠨᠡᠴᠢᠯᠡᠯᠲᠡ ᠶᠢᠨ ︵ᠣᠷᠣᠰᠢᠨ ᠰᠠᠭᠤᠬᠤ ᠨᠡᠶᠢᠭᠡᠮ ᠲᠣᠭᠤᠷᠢᠭ ᠤᠨ ᠬᠠᠭᠤᠴᠢᠨ ᠥᠭᠡᠷᠡᠴᠢᠯᠡᠯᠲᠡ︶ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠬᠦ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠳ᠋ᠦᠩᠱᠠᠨ ᠠᠵᠤ ᠦᠢᠯᠡᠰ ᠤᠨ ᠬᠦᠷᠢᠶᠡᠯᠡᠩ ᠤᠨ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠬᠦ ᠪᠦᠲᠦᠭᠡᠨ ᠪᠠᠶᠢᠭᠤᠯᠤᠯᠲᠠ᠂ ᠤᠯᠠᠭᠠᠨᠬᠠᠳᠠ ᠶᠢᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠥᠯ ᠵᠦᠢᠯ ᠤᠨ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠪᠠ ᠥᠪᠥᠷ ᠮᠣᠩᠭᠤᠯ ᠤᠨ ᠡᠨᠧᠷᠭᠢ ᠶᠢᠨ ᠬᠡᠰᠢᠭᠲᠡᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠨᠥᠭᠡᠴᠡ ᠶᠢᠨ ᠰᠠᠭᠤᠷᠢᠨ ᠭᠠᠵᠠᠷ ᠤᠨ ᠲᠥᠷᠥᠯ ᠵᠦᠢᠯ᠂ ᠥᠪᠥᠷ ᠮᠣᠩᠭᠤᠯ ᠤᠨ ᠡᠨᠧᠷᠭᠢ ᠶᠢᠨ ᠪᠠᠭᠠᠷᠢᠨ ᠵᠡᠭᠦᠨ ᠬᠤᠰᠢᠭᠤᠨ ᠤ 100 ᠲᠦᠮᠡᠨ ᠺᠢᠯᠣᠸᠠᠲ ᠤᠨ ᠰᠠᠯᠬᠢᠨ ᠨᠥᠭᠡᠴᠡ ᠶᠢᠨ ᠰᠠᠭᠤᠷᠢᠨ ᠭᠠᠵᠠᠷ ᠤᠨ ᠲᠥᠷᠥᠯ ᠵᠦᠢᠯ ᠢᠶᠠᠷ ᠮᠡᠳᠡᠭᠦᠯᠬᠦ ᠪᠠᠷ ᠭᠤᠶᠤᠴᠢᠯᠠᠬᠤ ᠵᠦᠢᠯᠡᠰ ᠢ ᠡᠬᠢᠯᠡᠭᠦᠯᠬᠦ ᠠᠵᠢᠯ ᠤᠳ ᠢ ᠰᠤᠳᠤᠯᠤᠨ᠂ ︽2023 ᠣᠨ ᠤ ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠬᠢᠨᠠᠨ ᠰᠢᠯᠭᠠᠬᠤ ᠲᠥᠰᠥᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ ︽ᠤᠯᠠᠭᠠᠨᠬᠠᠳᠠ ᠬᠤᠲᠠ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ︿ᠣᠷᠤᠨ ᠠᠯᠤᠰᠯᠠᠭᠰᠠᠨ ᠠᠵᠤ ᠠᠬᠤᠢ﹀ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠤᠬᠠᠢ ᠵᠢᠯᠤᠭᠤᠳᠬᠤ ᠰᠠᠨᠠᠯ︾ ᠳᠤ ᠵᠠᠰᠠᠪᠤᠷᠢ ᠣᠷᠣᠭᠤᠯᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠣᠨ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠶᠢᠷᠢᠯᠠᠭᠤᠯᠤᠯᠲᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ ︽ᠤᠰᠤ ᠪᠠᠷ ᠳᠥᠷᠪᠡ ᠶᠢ ᠲᠣᠭᠲᠠᠭᠠᠬᠤ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠡᠯ᠎ᠡ ᠵᠦᠢᠯ ᠤᠨ ᠠᠵᠢᠯ ᠤᠨ ᠪᠠᠶᠢᠷᠢᠯᠠᠭᠤᠯᠤᠯᠲᠠ ᠶᠢ ᠤᠯᠠᠭᠠᠨᠬᠠᠳᠠ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠠᠬᠢᠭᠤᠯᠬᠤ ᠬᠡᠷᠡᠭᠲᠡᠢ᠃ ᠬᠤᠲᠠ ᠶᠢᠨ ᠰᠢᠨᠡᠴᠢᠯᠡᠯᠲᠡ ᠶᠢᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ᠂ ᠢᠨᠵᠧᠨᠧᠷᠢᠩ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠵᠢᠷᠤᠮᠵᠢᠭᠤᠯᠤᠨ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ᠂ ᠥᠨᠳᠥᠷ ᠦᠷ᠎ᠡ ᠪᠦᠲᠦᠮᠵᠢᠲᠡᠢ ᠪᠠᠷ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠪᠥᠬᠦ ᠬᠤᠲᠠ ᠶᠢᠨ ᠠᠷᠠᠯᠵᠢᠶᠠᠴᠢᠨ ᠤᠷᠢᠵᠤ ᠪᠡᠯᠡ ᠲᠠᠲᠠᠬᠤ ᠠᠵᠢᠯ ᠤᠨ ᠰᠢᠯᠭᠠᠨ ᠬᠢᠨᠠᠬᠤ ᠭᠦᠢᠴᠡᠳᠬᠡᠯ ᠲᠤᠭ᠎ᠠ ᠶᠢ ᠨᠠᠷᠢᠯᠢᠭᠵᠢᠭᠤᠯᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠨᠢᠭᠡ ᠪᠦᠯᠦᠭ ᠲᠤᠯᠭᠠᠭᠤᠷᠢᠯᠠᠬᠤ ᠦᠢᠯᠡᠳᠦᠯ ᠢᠶᠠᠷ ᠴᠢᠩᠭ᠎ᠠ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠴᠢᠷᠮᠠᠶᠢᠬᠤ ᠬᠡᠷᠡᠭᠲᠡᠢ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠳ᠋ᠦᠩᠱᠠᠨ ᠠᠵᠤ ᠦᠢᠯᠡᠰ ᠤᠨ ᠬᠦᠷᠢᠶᠡᠯᠡᠩ ᠤᠨ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠢᠵᠢ ᠪᠦᠷᠢᠳᠦᠭᠦᠯᠬᠦ ᠪᠠ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠦᠷᠦᠯ ᠵᠦᠢᠯ ᠤᠨ ᠪᠠᠷᠢᠮᠵᠢᠶᠠᠵᠢᠭᠰᠠᠨ ᠦᠢᠯᠡᠳᠪᠦᠷᠢ ᠶᠢᠨ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠵᠦ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦᠢ ᠶᠢ ᠪᠠᠲᠤᠯᠠᠬᠤ ᠬᠡᠷᠡᠭᠲᠡᠢ᠃ ᠵᠠᠭᠤᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ 2 ᠲᠥᠷᠥᠯ ᠵᠦᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠳᠡᠭᠡᠭᠰᠢ ᠮᠡᠳᠡᠭᠦᠯᠬᠦ ᠶᠢ ᠢᠳᠡᠪᠬᠢᠲᠡᠢ ᠪᠠᠷ ᠵᠣᠯᠭᠠᠭᠤᠯᠵᠤ᠂ ᠲᠥᠷᠥᠯ ᠵᠦᠢᠯ ᠢ ᠬᠢᠨᠠᠨ ᠵᠥᠪᠰᠢᠶᠡᠷᠡᠬᠦ ᠠᠬᠢᠴᠠ ᠶᠢ ᠴᠢᠩᠭ᠎ᠠ ᠠᠩᠬᠠᠷᠴᠤ᠂ ᠰᠠᠭᠤᠷᠢᠨ ᠭᠠᠵᠠᠷ ᠢ ᠠᠯᠢ ᠲᠦᠷᠭᠡᠨ ᠢᠶᠠᠷ ᠵᠥᠪᠰᠢᠶᠡᠷᠡᠨ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠤᠨ ᠪᠠᠶᠢᠷᠢᠯᠠᠭᠤᠯᠪᠠ᠃ ᠬᠤᠲᠠ ᠳᠤ ᠪᠠᠶᠢᠭ᠎ᠠ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠬᠤᠲᠠ ᠶᠢᠨ ᠳᠡᠳ᠋ ᠳᠠᠷᠤᠭ᠎ᠠ ᠯᠢ ᠵᠢᠩ ᠵᠢᠩ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号