| | ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 21 ᠤ ᠴᠠᠬᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ | ᠫᠢᠩ 4 ᠰᠠᠷ᠎ᠠ ᠶᠢᠨ 21 ᠤ ᠦᠳᠡ ᠶᠢᠨ ᠬᠤᠶᠢᠨ᠎ᠠ ᠬᠤᠷᠢᠳᠤᠭᠠᠷ ᠬᠤᠭᠤᠴᠠᠭᠠᠨ ᠤ ᠲᠥᠪ ᠤᠨ ᠥᠭᠡᠷᠡᠴᠢᠯᠡᠯᠲᠡ ᠶᠢ ᠪᠦᠭᠦ | ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠤᠭᠰᠠᠨ ᠤ ᠬᠠᠮᠲᠤ ᠴᠢᠬᠤᠯᠠ | ᠶᠠᠷᠢᠶ᠎ᠠ ᠲᠠᠯᠪᠢᠪᠠ᠃ ᠲᠡᠷᠡ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠲᠤᠭᠤᠰᠢᠯᠠᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ | ᠤᠢ ᠪᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠠ ᠬᠤᠷᠠᠯ | ᠬᠤᠷᠠᠯᠳᠤᠭᠰᠠᠨ 10 ᠵᠢᠯ ᠤᠨ ᠤᠢ ᠪᠣᠯᠣᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠤ ᠬᠠᠷᠠᠯᠲᠠ ᠡᠭᠦᠷᠭᠡ ᠶᠢ | ᠪᠡᠶᠡᠯᠡᠭᠦᠯᠬᠦ ᠳᠤ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠬᠤ ᠦᠨᠳᠦᠰᠦᠨ ᠬᠦᠳᠡᠯᠭᠡᠬᠦ ᠬᠦᠴᠦᠨ ᠪᠣᠯᠭᠠᠵᠤ᠂ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ | ᠂ ᠬᠤᠪᠢᠷᠠᠯᠲᠠ ᠶᠢ ᠠᠷᠭᠠᠴᠠᠭᠠᠬᠤ᠂ ᠰᠢᠨ᠎ᠡ ᠪᠠᠶᠢᠳᠠᠯ ᠢ ᠡᠭᠦᠳᠬᠦ ᠴᠢᠬᠤᠯᠠ ᠭᠠᠷᠳᠠᠴᠠ ᠪᠣᠯᠭᠠᠵᠤ᠂ ᠴᠢᠭᠯᠡᠯ ᠢᠶᠠᠨ | ᠣᠨᠣᠪᠴᠢᠲᠠᠢ ᠡᠵᠡᠮᠳᠡᠵᠦ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠨᠡᠨ ᠬᠦ ᠠᠳᠬᠤᠨ ᠪᠣᠳᠠᠲᠠᠢ | ᠠᠵᠢᠯᠯᠠᠵᠤ᠂ ᠰᠢᠨ᠎ᠡ ᠠᠶᠠᠨ ᠳᠠᠭᠠᠨ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ | ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ | ᠬᠤ᠋ ᠨᠢᠩ᠂ ᠼᠠᠢ ᠴᠢ ᠬᠤᠷᠠᠯ ᠳᠤ ᠣᠷᠣᠯᠴᠠᠵᠠᠢ᠃ ᠬᠤᠷᠠᠯ ᠠᠴᠠ ︽ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠲᠤᠬᠠᠢ ᠰᠠᠨᠠᠯ︾᠂ ︽ | ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠬᠦ ᠲᠤᠬᠠᠢ ᠰᠠᠨᠠᠯ︾᠂ ︽ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠤᠬᠠᠢ ᠰᠠᠨᠠᠯ︾ ᠪᠣᠯᠣᠨ ︽ᠲᠥᠪ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠵᠢᠯ ᠤᠨ ᠳᠦᠷᠢᠮ︾᠂ ︽ᠲᠥᠪ ᠤᠨ | ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠲᠤᠰᠬᠠᠢ ᠳᠤᠭᠤᠶᠢᠯᠠᠩ ᠤᠨ ᠠᠵᠢᠯ ᠤᠨ ᠳᠦᠷᠢᠮ︾ | ᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠠᠯᠪᠠᠨ ᠭᠡᠷ ᠤᠨ ᠠᠵᠢᠯ ᠤᠨ | ᠨᠠᠷᠢᠨ ᠳᠦᠷᠢᠮ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2023 | ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ ᠠᠵᠤ ᠠᠬᠤᠶᠢᠯᠠᠯ ᠤᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠬᠤ ᠪᠣᠯ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠥᠨᠳᠥᠷ | ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ | ᠠᠬᠢᠭᠤᠯᠤᠨ ᠪᠡᠶᠡᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠣᠨ᠎ᠠ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ︽ | ᠬᠡᠨ ᠤ ᠲᠥᠯᠥᠭᠡ ᠰᠢᠨ᠎ᠡ ᠶᠢ ᠡᠭᠦᠳᠬᠦ᠂ ᠬᠡᠨ ᠰᠢᠨ᠎ᠡ ᠶᠢ ᠡᠭᠦᠳᠬᠦ᠂ ᠶᠠᠭᠤ ᠶᠢ ᠰᠢᠨ᠎ᠡ ᠶᠢ ᠡᠭᠦᠳᠬᠦ᠂ ᠬᠡᠷᠬᠢᠨ ᠰᠢᠨ᠎ᠡ ᠶᠢ | ᠡᠭᠦᠳᠬᠦ︾ ᠶᠢᠨ ᠲᠣᠭᠤᠷᠢᠨ ᠳᠤ᠂ ᠳᠦᠷᠢᠮ ᠤᠨ ᠪᠠᠶᠢᠭᠤᠯᠤᠯᠲᠠ ᠠᠴᠠ ᠡᠭᠦᠰᠴᠦ᠂ ᠮᠡᠷᠭᠡᠵᠢᠯ ᠤᠨ ᠰᠢᠨ᠎ᠡ ᠶᠢ ᠡᠭᠦᠳᠬᠦ | ᠰᠢᠢᠳᠪᠦᠷᠢᠲᠦ ᠪᠣᠳᠣᠯᠭ᠎ᠠ᠂ ᠰᠤᠳᠤᠯᠤᠨ ᠨᠡᠭᠡᠭᠡᠬᠦ ᠣᠷᠤᠭᠤᠯᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠵᠣᠬᠢᠶᠠᠨ | ᠪᠠᠶᠢᠭᠤᠯᠤᠯᠲᠠ᠂ ᠦᠷ᠎ᠡ ᠪᠦᠲᠦᠭᠡᠯ ᠢ ᠣᠨᠳᠣᠣᠰᠢᠭᠤᠯᠬᠤ ᠪᠦᠭᠦ ᠬᠡᠯᠬᠢᠶᠡᠨ ᠤ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ | ᠬᠢᠵᠦ᠂ ᠲᠥᠷᠥ ᠶᠢᠨ ᠪᠣᠳᠣᠯᠭ᠎ᠠ᠂ ᠪᠡᠯᠡ ᠮᠥᠩᠭᠦ᠂ ᠲᠥᠷᠥᠯ ᠵᠦᠢᠯ᠂ ᠲᠠᠪᠴᠠᠩ᠂ ᠴᠢᠳᠠᠪᠤᠷᠢᠲᠠᠨ ᠵᠡᠷᠭᠡ ᠵᠠᠩᠭᠢᠯᠠᠭ᠎ᠠ ᠶᠢᠨ | ᠰᠢᠨ᠎ᠡ ᠶᠢ ᠡᠭᠦᠳᠬᠦ ᠡᠬᠢ ᠪᠠᠶᠠᠯᠢᠭ ᠤᠨ ᠰᠢᠰᠲ᠋ᠧᠮ ᠤᠨ ᠪᠠᠶᠢᠷᠢᠰᠢᠭᠤᠯᠤᠯᠲᠠ ᠬᠢᠵᠦ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ᠂ ᠠᠵᠤ ᠦᠢᠯᠡᠰ ᠤᠨ ᠰᠢᠨ᠎ᠡ ᠶᠢ ᠡᠭᠦᠳᠬᠦ ᠪᠠ ᠪᠠᠶᠢᠭᠤᠯᠤᠮᠵᠢ ᠲᠣᠭᠲᠠᠴᠠ ᠶᠢᠨ | ᠰᠢᠨ᠎ᠡ ᠶᠢ ᠡᠭᠦᠳᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ | ᠦᠢᠯᠡᠳᠪᠦᠷᠢᠯᠡᠯ ᠵᠢᠭᠠᠨ ᠰᠤᠷᠭᠠᠯᠲᠠ ᠰᠢᠨᠵᠢᠯᠡᠬᠦ ᠤᠬᠠᠭᠠᠨ ᠤ ᠰᠤᠳᠤᠯᠭᠠᠨ ᠤ ᠥᠨᠳᠥᠷ ᠦᠷ᠎ᠡ ᠪᠦᠲᠦᠮᠵᠢᠲᠡᠢ | ᠬᠠᠮᠵᠢᠯᠴᠠᠭᠰᠠᠨ ᠭᠦᠨᠵᠡᠭᠡᠢ ᠠᠭᠤᠰᠤᠯᠴᠠᠭᠰᠠᠨ ᠰᠢᠨ᠎ᠡ ᠶᠢ ᠡᠭᠦᠳᠬᠦ ᠰᠢᠰᠲ᠋ᠧᠮ ᠢ ᠠᠬᠢᠭᠤᠯᠤᠨ ᠪᠦᠷᠢᠯᠳᠦᠭᠦᠯᠬᠦ ᠬᠡᠷᠡᠭᠲᠡᠢ᠃ | ᠤᠯᠤᠰ ᠤᠨ ᠪᠠᠶᠢᠯᠳᠤᠬᠤ ᠪᠣᠳᠣᠯᠭ᠎ᠠ ᠪᠠ ᠠᠵᠤ ᠦᠢᠯᠡᠰ ᠤᠨ ᠬᠥᠭᠵᠢᠯᠲᠡ ᠶᠢᠨ ᠴᠢᠬᠤᠯᠠ ᠶᠡᠭᠡ ᠬᠡᠷᠡᠭᠴᠡᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ | ᠂ ᠤᠯᠤᠰ ᠤᠨ ᠴᠢᠬᠤᠯᠠ ᠶᠡᠭᠡ ᠰᠢᠨ᠎ᠡ ᠶᠢ ᠡᠭᠦᠳᠬᠦ ᠳᠤ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠣᠷᠤᠯᠴᠠᠬᠤ ᠶᠢ ᠢᠳᠡᠪᠬᠢᠲᠡᠢ ᠵᠣᠷᠢᠭᠵᠢᠭᠤᠯᠤᠨ ᠪᠦᠲᠦᠮᠵᠢᠲᠡᠢ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ | ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠰᠢᠨ᠎ᠡ ᠶᠢ ᠡᠭᠦᠳᠬᠦ ᠪᠠ ᠴᠢᠬᠤᠯᠠ ᠶᠡᠭᠡ ᠤᠤᠭᠠᠯ ᠡᠭᠦᠳᠦᠯᠲᠡ ᠶᠢᠨ | ᠮᠡᠷᠭᠡᠵᠢᠯ ᠤᠨ ᠰᠢᠪᠲᠤᠯᠤᠯᠲᠠ ᠳᠤ ᠦᠢᠯᠡᠳᠦᠯ ᠦᠵᠡᠭᠦᠯᠭᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢ ᠴᠢᠩᠭᠠᠳᠬᠠᠨ ᠰᠠᠶᠢᠵᠢᠷᠠᠭᠤᠯᠬᠤ ᠳᠤ᠂ | ᠰᠢᠨ᠎ᠡ ᠴᠠᠭ ᠦᠶ᠎ᠡ ᠰᠢᠨ᠎ᠡ ᠠᠶᠠᠨ ᠤ ᠤᠯᠤᠰ ᠤᠨ ᠥᠮᠴᠢᠯᠡᠯ ᠤᠨ ᠠᠵᠤ ᠠᠬᠤᠢ ᠶᠢᠨ ᠡᠭᠦᠷᠭᠡᠯᠡᠵᠦ ᠪᠠᠶᠢᠭ᠎ᠠ ᠡᠭᠦᠷᠭᠡ | ᠪᠣᠯᠣᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ | ᠦᠢᠯᠡᠴᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ᠂ ᠤᠯᠤᠰ ᠤᠨ | ᠠᠮᠤᠷ ᠲᠦᠪᠰᠢᠨ ᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠶᠢᠨ ᠥᠨᠳᠥᠷᠴᠡ ᠠᠴᠠ ᠡᠭᠦᠰᠴᠦ᠂ ᠤᠯᠤᠰ ᠤᠨ ᠥᠮᠴᠢᠯᠡᠯ ᠤᠨ | ᠠᠵᠤ ᠠᠬᠤᠢ ᠶᠢᠨ ᠠᠮᠤᠷ ᠲᠦᠪᠰᠢᠨ ᠤ ᠬᠠᠷᠢᠭᠤᠴᠠᠯᠭ᠎ᠠ᠂ ᠶᠠᠰᠤ ᠴᠢᠨᠠᠷ ᠤᠨ ᠪᠦᠲᠦᠴᠡ᠂ ᠡᠳ᠋ ᠬᠥᠷᠥᠩᠭᠡ ᠪᠣᠯᠣᠨ ᠠᠵᠤ | ᠠᠬᠤᠶᠢᠯᠠᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠲᠠᠭᠤᠳᠠᠯ ᠢ ᠨᠥᠬᠦᠪᠦᠷᠢᠯᠡᠬᠦ᠂ ᠪᠠᠭᠤᠷᠠᠢ ᠲᠠᠯ᠎ᠠ ᠶᠢ ᠬᠦᠴᠦᠷᠬᠡᠭᠵᠢᠭᠦᠯᠬᠦ᠂ | ᠰᠠᠭᠤᠷᠢ ᠶᠢ ᠪᠠᠬᠢᠵᠢᠭᠦᠯᠬᠦ᠂ ᠳᠠᠪᠠᠭᠤᠯᠢᠭ ᠢ ᠪᠠᠳᠠᠷᠠᠭᠤᠯᠬᠤ ᠪᠠᠷ ᠬᠦᠴᠦᠯᠡᠵᠦ᠂ ᠳᠡᠭᠡᠳᠦ ᠳᠠᠪᠬᠤᠷᠭ᠎ᠠ ᠠᠴᠠ ᠨᠢᠭᠡᠳᠦᠯᠲᠡᠢ | ᠲᠥᠯᠥᠪᠵᠢᠭᠦᠯᠦᠭᠰᠡᠨ᠂ ᠡᠷᠬᠡ ᠬᠠᠷᠢᠭᠤᠴᠠᠯᠭ᠎ᠠ ᠲᠣᠳᠣᠷᠬᠠᠢ᠂ ᠠᠵᠢᠯᠯᠠᠭ᠎ᠠ ᠨᠢ ᠥᠨᠳᠥᠷ ᠪᠦᠲᠦᠮᠵᠢᠲᠡᠢ᠂ ᠬᠢᠨᠠᠯᠲᠠ | ᠬᠠᠮᠢᠶᠠᠷᠤᠯᠲᠠ ᠨᠢ ᠬᠦᠴᠦᠲᠡᠢ ᠤᠯᠤᠰ ᠤᠨ ᠥᠮᠴᠢᠯᠡᠯ ᠤᠨ ᠠᠵᠤ ᠠᠬᠤᠢ ᠶᠢᠨ ᠬᠠᠮᠢᠶᠠᠷᠤᠯᠲᠠ ᠶᠢᠨ ᠰᠢᠰᠲ᠋ᠧᠮ ᠢ | ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ | ᠬᠥᠭᠵᠢᠯᠲᠡ ᠶᠢ ᠳᠡᠮᠵᠢᠬᠦ ᠪᠣᠯ ᠨᠠᠮ ᠤᠨ ᠲᠥᠪ ᠬᠤᠷᠢᠶ᠎ᠠ ᠶᠢᠨ ᠢᠮᠠᠭᠲᠠ ᠶᠢᠨ ᠴᠢᠭᠯᠡᠯᠲᠡ ᠮᠥᠨ᠃ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠳᠤ᠂ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠯᠲᠡ ᠶᠢᠨ ᠣᠷᠴᠢᠨ ᠢ ᠬᠦᠴᠦᠯᠡᠨ ᠰᠢᠯᠢᠳᠡᠭᠵᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ | ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠭᠡᠨ ᠳᠤ ᠡᠷᠬᠡ ᠲᠡᠭᠰᠢ ᠪᠠᠷ ᠣᠷᠤᠯᠴᠠᠬᠤ ᠶᠢ ᠬᠢᠵᠠᠭᠠᠷᠯᠠᠵᠤ ᠪᠠᠶᠢᠭ᠎ᠠ | ᠳᠦᠷᠢᠮ ᠤᠨ ᠬᠠᠷᠰᠢ ᠰᠠᠭᠠᠳ ᠢ ᠠᠷᠢᠯᠭᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠪᠠᠶᠢᠷᠢ ᠲᠣᠭᠲᠠᠭᠠᠯᠲᠠ ᠶᠢ ᠨᠢ ᠵᠥᠪ ᠢᠶᠠᠷ ᠣᠯᠭᠤᠵᠤ᠂ ᠠᠵᠤ | ᠠᠬᠤᠶᠢᠯᠠᠯ ᠤᠨ ᠲᠣᠰ ᠪᠡᠶ᠎ᠡ ᠶᠢᠨ ᠥᠭᠡᠷᠡᠴᠢᠯᠡᠯᠲᠡ ᠬᠥᠭᠵᠢᠯᠲᠡ᠂ ᠲᠣᠭᠲᠠᠭᠠᠯ ᠳᠤ ᠨᠡᠶᠢᠴᠡᠭᠰᠡᠨ ᠡᠵᠡᠩᠨᠡᠯᠲᠡ᠂ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠷ ᠳᠠᠮᠵᠢᠭᠤᠯᠤᠨ ᠬᠥᠭᠵᠢᠯᠲᠡ ᠶᠢᠨ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠣᠨᠴᠠᠯᠢᠭ ᠢ ᠭᠦᠢᠴᠡᠳ ᠪᠣᠳᠣᠯᠬᠢᠯᠠᠵᠤ᠂ | ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠠᠷᠭ᠎ᠠ ᠬᠡᠯᠪᠡᠷᠢ ᠶᠢ ᠲᠡᠭᠦᠯᠳᠡᠷᠵᠢᠭᠦᠯᠵᠦ᠂ ᠲᠦᠷᠦ ᠶᠢᠨ ᠪᠣᠳᠣᠯᠭ᠎ᠠ ᠶᠢᠨ | ᠵᠣᠬᠢᠴᠠᠩᠭᠤᠢ ᠴᠢᠨᠠᠷ ᠢ ᠴᠢᠩᠭᠠᠳᠬᠠᠵᠤ᠂ ᠡᠯ᠎ᠡ ᠵᠦᠢᠯ ᠤᠨ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢᠨ | ᠣᠨᠣᠪᠴᠢᠲᠠᠢ ᠪᠠᠷ ᠰᠢᠭᠤᠳ ᠬᠦᠷᠬᠦ ᠶᠢ ᠠᠬᠢᠭᠤᠯᠵᠤ᠂ ᠠᠵᠤ ᠠᠬᠤᠶᠢᠯᠠᠯ ᠤᠨ ᠪᠣᠳᠠᠲᠠᠢ ᠬᠦᠴᠢᠷᠳᠡᠯ ᠢ ᠦᠨᠡᠨ ᠬᠦ | ᠰᠢᠢᠳᠪᠦᠷᠢᠯᠡᠬᠦ ᠬᠡᠷᠡᠭᠲᠡᠢ᠃ ᠳᠣᠲᠣᠨᠣ ᠴᠢᠬᠡᠴᠢ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ | ᠪᠠᠶᠢᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠤᠨ | ᠡᠷᠡᠭᠦᠯ ᠢᠶᠠᠷ ᠦᠰᠦᠨ ᠪᠤᠶᠢᠵᠢᠬᠤ ᠶᠢ ᠬᠥᠲᠥᠯᠥᠨ ᠵᠢᠯᠤᠭᠤᠳᠴᠤ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠡ ᠯᠤᠲᠤ ᠶᠡᠭᠡ ᠤᠯᠤᠰ ᠲᠥᠷᠥ ᠶᠢᠨ | ᠰᠥᠰᠥ ᠵᠣᠷᠢᠭ ᠢᠶᠠᠷ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠷᠠᠯᠲᠠ ᠪᠠᠷ ᠵᠢᠯᠣᠭᠤᠳᠤᠮᠵᠢ | ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠵᠣᠷᠢᠭᠲᠠᠢ ᠪᠠᠷ ᠬᠦᠴᠢᠷ | ᠠᠰᠠᠭᠤᠳᠠᠯ ᠢ ᠰᠢᠢᠳᠪᠦᠷᠢᠯᠡᠵᠦ᠂ ᠵᠣᠷᠢᠭᠲᠠᠢ ᠪᠠᠷ ᠪᠡᠷᠬᠡ ᠶᠢ ᠳᠤᠭᠤᠯᠵᠤ᠂ ᠰᠢᠨ᠎ᠡ ᠵᠥᠷᠢᠴᠡᠯ ᠰᠢᠨ᠎ᠡ ᠥᠷᠢᠰᠦᠯᠳᠦᠭᠡᠨ ᠳᠤ | ᠵᠣᠷᠢᠭᠲᠠᠢ ᠪᠠᠷ ᠬᠠᠨᠳᠤᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ ᠰᠣᠭᠤᠭ ᠢ ᠡᠷᠡᠰ ᠠᠷᠢᠯᠭᠠᠵᠤ᠂ | ᠤᠷᠢᠳ ᠡᠮᠦᠨ᠎ᠡ ᠪᠠᠶᠢᠭ᠎ᠠ ᠦᠭᠡᠢ ᠡᠷᠴᠢᠮ ᠢᠶᠠᠷ ᠰᠢᠨ᠎ᠡ ᠪᠠᠶᠢᠳᠠᠯ ᠢ ᠨᠡᠭᠡᠭᠡᠪᠡ᠃ ᠰᠢᠨ᠎ᠡ ᠴᠠᠭ ᠦᠶ᠎ᠡ ᠶᠢᠨ 10 ᠵᠢᠯ ᠳᠤ᠂ | ᠪᠢᠳᠡᠨ ᠤ ᠠᠬᠢᠭᠤᠯᠤᠭᠰᠠᠨ ᠥᠭᠡᠷᠡᠴᠢᠯᠡᠯᠲᠡ ᠪᠣᠯ ᠪᠦᠭᠦ ᠲᠠᠯ᠎ᠠ ᠶᠢᠨ᠂ ᠭᠦᠨ ᠳᠠᠪᠬᠤᠷᠭ᠎ᠠ ᠶᠢᠨ᠂ ᠦᠨᠳᠦᠰᠦᠨ ᠴᠢᠨᠠᠷᠲᠠᠢ | ᠶᠤᠮ᠂ ᠣᠯᠣᠭᠰᠠᠨ ᠠᠮᠵᠢᠯᠲᠠ ᠪᠣᠯ ᠲᠡᠦᠬᠡᠲᠦ ᠴᠢᠨᠠᠷᠲᠠᠢ᠂ ᠬᠤᠪᠢᠰᠬᠠᠯᠴᠢ ᠴᠢᠨᠠᠷᠲᠠᠢ᠂ ᠡᠭᠦᠳᠦᠯᠲᠡ ᠶᠢᠨ ᠴᠢᠨᠠᠷᠲᠠᠢ ᠶᠤᠮ᠃ | ᠳᠡᠯᠡᠬᠡᠢ ᠳ᠋ᠠᠬᠢᠨ ᠢ ᠪᠠᠷᠠᠯᠠᠬᠤᠶ᠎ᠠ᠂ ᠠᠯᠢ ᠨᠢᠭᠡ ᠤᠯᠤᠰ ᠪᠣᠯᠣᠨ ᠲᠦᠷᠦ ᠶᠢᠨ ᠨᠠᠮ ᠴᠦ ᠡᠶᠢᠮᠦ ᠤᠯᠤᠰ ᠲᠦᠷᠦ ᠶᠢᠨ ᠰᠥᠰᠥ | ᠵᠣᠷᠢᠭ ᠪᠣᠯᠣᠨ ᠲᠡᠦᠬᠡᠨ ᠬᠠᠷᠢᠭᠤᠴᠠᠯᠭ᠎ᠠ ᠡᠭᠦᠷᠭᠡᠯᠡᠯ ᠪᠠᠶᠢᠵᠤ ᠴᠢᠳᠠᠬᠤ ᠦᠭᠡᠢ ᠶᠤᠮ᠂ ᠢᠩᠭᠢᠵᠦ ᠵᠣᠷᠢᠭᠲᠠᠢ ᠪᠠᠷ ᠡᠷᠡᠰ | ᠰᠢᠭᠤᠷᠬᠠᠢ ᠪᠠᠷ ᠬᠢᠲᠤᠭᠠᠨ ᠢᠷ ᠢᠶᠠᠨ ᠳᠣᠲᠣᠭᠰᠢ ᠪᠠᠨ ᠬᠠᠨᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠵᠦ | ᠴᠢᠳᠠᠬᠤ ᠦᠭᠡᠢ ᠶᠤᠮ᠂ ᠠᠯᠢ ᠴᠤ ᠤᠯᠤᠰ ᠪᠣᠯᠣᠨ ᠲᠦᠷᠦ ᠶᠢᠨ ᠨᠠᠮ ᠭᠡᠳ ᠡᠶᠢᠮᠦ ᠣᠬᠤᠷᠬᠠᠨ ᠬᠤᠭᠤᠴᠠᠭᠠᠨ ᠳᠤ ᠡᠶᠢᠮᠦ | ᠶᠡᠭᠡ ᠬᠡᠪᠴᠢᠶ᠎ᠡ᠂ ᠡᠶᠢᠮᠦ ᠶᠡᠭᠡ ᠡᠷᠴᠢᠮ ᠲᠠᠢ ᠥᠭᠡᠷᠡᠴᠢᠯᠡᠯᠲᠡ ᠶᠢ ᠠᠬᠢᠭᠤᠯᠵᠤ ᠴᠢᠳᠠᠬᠤ ᠦᠭᠡᠢ ᠶᠤᠮ᠂ ᠡᠨᠡ ᠪᠣᠯ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠢᠯᠡ ᠲᠣᠳᠣ ᠣᠨᠴᠠᠯᠢᠭ ᠪᠣᠯᠣᠨ ᠢᠯᠡᠳᠲᠡ | ᠳᠠᠪᠠᠭᠤᠯᠢᠭ ᠪᠣᠯᠣᠨ᠎ᠠ᠃ ᠰᠢᠨ᠎ᠡ ᠠᠶᠠᠨ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠷᠭᠦᠯᠵᠢᠯᠡᠨ | ᠠᠬᠢᠭᠤᠯᠬᠤ ᠳᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠥᠭᠡᠷᠡᠴᠢᠯᠡᠯᠲᠡ ᠶᠢᠨ ᠴᠢᠭᠯᠡᠯ ᠢ | ᠣᠨᠣᠪᠴᠢᠲᠠᠢ ᠡᠵᠡᠮᠳᠡᠵᠦ᠂ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠰᠢᠨᠵᠢᠯᠡᠬᠦ ᠤᠬᠠᠭᠠᠨᠴᠢ ᠲᠥᠯᠦᠪᠵᠢᠭᠦᠯᠭᠡ᠂ | ᠰᠢᠨ᠎ᠡ ᠶᠢ ᠡᠭᠦᠳᠬᠦ ᠰᠥᠰᠥ ᠵᠣᠷᠢᠭ ᠢᠶᠠᠷ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ ᠪᠣᠳᠠᠲᠠᠢ ᠠᠳᠬᠤᠬᠤ ᠬᠡᠷᠡᠭᠲᠡᠢ᠃ | ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠰᠠᠶᠢᠲᠤᠷ ᠠᠳᠬᠤᠨ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠪᠦᠭᠦ ᠲᠠᠯ᠎ᠠ ᠶᠢ ᠨᠢᠭᠡᠳᠦᠯᠲᠡᠢ ᠲᠥᠯᠥᠪᠵᠢᠭᠦᠯᠵᠦ᠂ ᠭᠤᠣᠯᠳᠠᠯᠭ᠎ᠠ ᠶᠢ ᠡᠵᠡᠮᠳᠡᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ | ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤᠮᠳᠠᠬᠢ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ ᠥᠭᠡᠷᠡᠴᠢᠯᠡᠯᠲᠡ ᠶᠢ ᠲᠥᠯᠥᠪᠵᠢᠭᠦᠯᠦᠨ ᠠᠬᠢᠭᠤᠯᠵᠤ᠂ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ | ᠡᠭᠦᠳᠦᠭᠰᠡᠨ ᠠᠰᠢᠭᠲᠠᠢ ᠨᠥᠬᠦᠴᠡᠯ ᠢ ᠰᠠᠶᠢᠲᠤᠷ ᠠᠰᠢᠭᠯᠠᠵᠤ᠂ ᠡᠯ᠎ᠡ ᠲᠠᠯ᠎ᠠ ᠶᠢᠨ ᠪᠠᠶᠢᠭᠤᠯᠤᠮᠵᠢ ᠲᠣᠭᠲᠠᠴᠠ ᠶᠢᠨ ᠭᠡᠮ | ᠰᠣᠭᠤᠭ ᠢ ᠠᠷᠢᠯᠭᠠᠬᠤ᠂ ᠭᠦᠨ ᠳᠠᠪᠬᠤᠷᠭ᠎ᠠ ᠶᠢᠨ ᠠᠰᠢᠭ ᠲᠤᠰᠠ ᠶᠢᠨ ᠪᠠᠶᠢᠷᠢᠰᠢᠯ ᠳᠤ ᠲᠣᠬᠢᠷᠠᠭᠤᠯᠤᠯᠲᠠ ᠬᠢᠬᠦ ᠲᠠᠯ᠎ᠠ ᠪᠠᠷ | ᠪᠠᠰᠠ ᠨᠢᠭᠡ ᠪᠦᠯᠦᠭ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠥᠭᠡᠷᠡᠴᠢᠯᠡᠯᠲᠡ ᠶᠢᠨ | ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠵᠥᠷᠢᠴᠡᠯ ᠠᠰᠠᠭᠤᠳᠠᠯ ᠲᠥᠪᠯᠡᠷᠡᠭᠰᠡᠨ ᠭᠠᠵᠠᠷ ᠣᠷᠣᠨ ᠪᠠ ᠰᠠᠯᠠᠭ᠎ᠠ | ᠮᠥᠴᠢᠷ ᠲᠤ ᠢᠯᠡᠭᠦᠬᠡᠨ ᠬᠦᠷᠴᠦ᠂ ᠦᠨᠳᠦᠰᠦᠨ ᠱᠠᠲᠤᠨ ᠳᠤ ᠭᠦᠨᠵᠡᠭᠡᠶᠢᠷᠡᠨ᠂ ᠤᠯᠠᠨ ᠲᠦᠮᠡᠨ ᠤ ᠳᠤᠮᠳᠠ | ᠭᠦᠨᠵᠡᠭᠡᠶᠢᠷᠡᠵᠦ᠂ ᠪᠣᠳᠠᠲᠤ ᠪᠠᠶᠢᠳᠠᠯ ᠢ ᠣᠶᠢᠯᠠᠭᠠᠨ᠂ ᠨᠢᠭᠡ ᠨᠢᠭᠡ ᠪᠠᠷ ᠪᠠᠶᠢᠴᠠᠭᠠᠨ ᠰᠢᠨᠵᠢᠯᠡᠵᠦ᠂ ᠪᠣᠳᠠᠲᠠᠢ ᠠᠰᠠᠭᠤᠳᠠᠯ ᠢ | ᠭᠦᠨᠵᠡᠭᠡᠢ ᠰᠤᠳᠤᠯᠬᠤ ᠮᠥᠷᠲᠡᠭᠡᠨ ᠪᠠᠰᠠ ᠡᠯ᠎ᠡ ᠲᠠᠯ᠎ᠠ ᠶᠢᠨ ᠪᠠᠶᠢᠳᠠᠯ ᠢ ᠬᠤᠷᠢᠶᠠᠩᠭᠤᠶᠢᠯᠠᠬᠤ ᠳᠠᠭᠠᠨ ᠴᠢᠳᠠᠮᠠᠭᠠᠢ ᠪᠠᠶᠢᠵᠤ᠂ | ᠶᠡᠷᠦᠩᠬᠡᠢ ᠰᠡᠳᠬᠢᠴᠡ ᠪᠠ ᠪᠦᠭᠦ ᠲᠠᠯ᠎ᠠ ᠶᠢᠨ ᠠᠵᠢᠯ ᠤᠨ ᠲᠠᠯ᠎ᠠ ᠪᠠᠷ ᠢᠯᠡᠭᠦᠬᠡᠨ ᠲᠠᠷᠢᠬᠢ ᠲᠣᠯᠣᠭᠠᠢ ᠪᠠᠨ ᠬᠥᠳᠡᠯᠭᠡᠵᠦ᠂ | ᠢᠯᠡᠭᠦᠬᠡᠨ ᠬᠦᠴᠦ ᠣᠷᠣᠭᠤᠯᠬᠤ ᠬᠡᠷᠡᠭᠲᠡᠢ᠃ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠡᠷᠴᠢᠮ ᠢᠶᠠᠨ | ᠴᠢᠩᠭᠠᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠬᠤ᠂ ᠬᠡᠰᠡᠭ ᠵᠤᠷᠪᠤᠰ ᠢ ᠤᠶᠠᠯᠳᠤᠭᠤᠯᠬᠤ᠂ | ᠣᠨᠣᠪᠴᠢᠲᠠᠢ ᠥᠨᠳᠥᠷ ᠪᠦᠲᠦᠮᠵᠢᠲᠡᠢ ᠥᠭᠡᠷᠡᠴᠢᠯᠡᠯᠲᠡ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ | ᠨᠡᠩ ᠶᠡᠭᠡ ᠬᠦᠴᠦ ᠣᠷᠣᠭᠤᠯᠵᠤ ᠪᠠᠶᠢᠭᠠᠳ ᠥᠭᠡᠷᠡᠴᠢᠯᠡᠯᠲᠡ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ | ᠠᠳᠬᠤᠵᠤ᠂ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠭᠠᠷᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠢᠳᠡᠪᠬᠢᠵᠢᠯ ᠢ ᠲᠠᠶᠢᠴᠢᠯᠠᠵᠥ᠂ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠣᠭᠲᠠᠴᠠ ᠶᠢ ᠪᠦᠷᠢᠨᠰᠢᠭᠦᠯᠵᠦ᠂ ᠥᠭᠡᠷᠡᠴᠢᠯᠡᠯᠲᠡ ᠶᠢᠨ | ᠨᠡᠶᠢᠲᠡᠯᠢᠭ ᠲᠤᠷᠰᠢᠯᠭ᠎ᠠ ᠶᠢ ᠰᠣᠯᠢᠯᠴᠠᠵᠤ ᠳᠡᠯᠭᠡᠷᠡᠭᠦᠯᠬᠦ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡ ᠪᠠᠷ ᠬᠥᠲᠥᠯᠥᠨ | ᠳᠠᠭᠠᠭᠤᠯᠬᠤ ᠶᠢ ᠴᠢᠩᠭᠠᠳᠬᠠᠵᠤ᠂ ᠡᠯ᠎ᠡ ᠲᠠᠯ᠎ᠠ ᠶᠢᠨ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ | ᠥᠭᠬᠦ ᠬᠡᠷᠡᠭᠲᠡᠢ ᠭᠡᠵᠦ ᠴᠢᠬᠤᠯᠠᠴᠢᠯᠠᠪᠠ᠃ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ | ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ | | |