| | | | ᠰᠢᠨᠬᠤᠸᠠ ᠬᠤᠷᠢᠶᠠᠨ ᠤ ᠪᠡᠭᠡᠵᠢᠩ ᠤᠨ 4 ᠳ᠋ᠦ᠋ᠭᠡᠷ ᠰᠠᠷ᠎ᠠ ᠶᠢᠨ 14 ᠤ ᠡᠳᠦᠷ ᠤᠨ ᠮᠡᠳᠡᠭᠡ | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 4 ᠳ᠋ᠦ᠋ᠭᠡᠷ ᠰᠠᠷ᠎ᠠ ᠶᠢᠨ 14 ᠤ ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠴᠢᠬᠤᠯᠠᠴᠢᠯᠠᠭᠰᠠᠨ ᠨᠢ᠂ | ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠳᠤ ᠭᠤᠸᠠᠩᠳᠦ᠋ᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠠᠷᠠᠯᠲᠠ ᠶᠢ ᠲᠣᠭᠲᠠᠭᠠᠵᠤ᠂ ᠴᠢᠨᠠᠷ ᠰᠠᠶᠢᠲᠠᠢ | ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠣᠯᠣᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠬᠤ | ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ᠂ | ᠥᠨᠳᠥᠷ ᠬᠢᠷᠢ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ | ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ᠂ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ | ᠠᠬᠢᠭᠤᠯᠬᠤ ᠵᠡᠷᠭᠡ ᠲᠠᠯ᠎ᠠ ᠪᠠᠷ ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠭᠠᠷᠭᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠯᠠᠪᠳᠠᠭᠤᠨ ᠢᠶᠠᠷ ᠠᠬᠢᠭᠤᠯᠵᠤ᠂ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠭᠡᠯ ᠢ ᠨᠡᠩ ᠤᠯᠠᠨ ᠨᠡᠩ ᠡᠷᠬᠡ ᠲᠡᠭᠰᠢ ᠪᠠᠷ ᠪᠦᠬᠦ ᠠᠷᠠᠳ ᠲᠦᠮᠡᠨ ᠳᠤ ᠡᠳ᠋ᠯᠡᠭᠦᠯᠬᠦ ᠬᠡᠷᠡᠭᠲᠡᠢ ᠭᠡᠵᠡᠢ᠃ ᠬᠤᠷᠠᠯ ᠠᠴᠠ | ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠪᠣᠯᠣᠨ ᠠᠵᠢᠯ ᠣᠯᠭᠤᠯᠲᠠ ᠶᠢ ᠰᠢᠯᠢᠳᠡᠭᠵᠢᠭᠦᠯᠦᠨ ᠲᠣᠬᠢᠷᠠᠭᠤᠯᠵᠤ | ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ | ᠬᠤᠷᠠᠯ ᠠᠴᠠ ᠴᠢᠬᠤᠯᠠᠴᠢᠯᠠᠬᠤ ᠳᠤ ᠪᠠᠨ᠂ ᠠᠵᠢᠯ ᠣᠯᠭᠤᠯᠲᠠ ᠪᠣᠯ ᠠᠷᠠᠳ ᠤᠨ ᠠᠮᠢᠳᠤᠷᠠᠯ ᠤᠨ ᠦᠨᠳᠦᠰᠦ ᠮᠥᠨ᠃ | ᠲᠦᠷᠦ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠲᠦᠷᠦ ᠶᠢᠨ ᠪᠣᠳᠣᠯᠭ᠎ᠠ ᠶᠢ ᠶᠡᠷᠦᠩᠬᠡᠢ ᠳᠤ ᠨᠢ ᠲᠣᠭᠲᠠᠭᠤᠨ ᠪᠠᠶᠢᠯᠭᠠᠬᠤ ᠶᠢ ᠪᠠᠲᠤᠯᠠᠬᠤ ᠶᠢᠨ ᠬᠠᠮᠲᠤ᠂ | ᠱᠠᠲᠤᠴᠢ ᠴᠢᠨᠠᠷᠲᠠᠢ ᠲᠦᠷᠦ ᠶᠢᠨ ᠪᠣᠳᠣᠯᠭ᠎ᠠ ᠶᠢ ᠬᠠᠨᠳᠤᠯᠭᠠᠲᠤ ᠴᠢᠨᠠᠷᠲᠠᠢ ᠪᠠᠷ ᠰᠢᠯᠢᠳᠡᠭᠵᠢᠭᠦᠯᠦᠨ ᠲᠣᠬᠢᠷᠠᠭᠤᠯᠵᠤ ᠪᠠᠭᠤᠷᠠᠢ | ᠭᠤᠭᠴᠤᠭ᠎ᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠂ ᠠᠵᠢᠯ ᠣᠯᠭᠤᠯᠲᠠ ᠶᠢᠨ ᠶᠡᠭᠡ ᠲᠠᠯ᠎ᠠ ᠶᠢᠨ ᠲᠣᠭᠲᠠᠭᠤᠨ | ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠦᠯᠡᠳᠡᠭᠡᠯ ᠬᠡᠮᠵᠢᠶ᠎ᠡ ᠶᠢ ᠲᠣᠭᠲᠠᠪᠤᠷᠢᠵᠢᠭᠤᠯᠤᠨ᠂ ᠨᠡᠮᠡᠭᠳᠡᠯ ᠤᠨ ᠬᠡᠮᠵᠢᠶ᠎ᠡ ᠶᠢ | ᠥᠷᠭᠡᠳᠬᠡᠵᠦ᠂ ᠭᠤᠣᠯᠳᠠᠯᠭ᠎ᠠ ᠶᠢ ᠪᠠᠲᠤᠯᠠᠬᠤ ᠶᠢ ᠲᠤᠪᠤᠶᠢᠯᠭᠠᠨ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠳᠡᠮᠵᠢᠬᠦ | ᠪᠠ ᠠᠵᠢᠯ ᠤᠨ ᠪᠠᠶᠢᠷᠢ ᠨᠡᠮᠡᠭᠳᠡᠭᠦᠯᠤᠨ ᠤᠷᠮᠠᠰᠢᠭᠤᠯᠬᠤ ᠠᠷᠭ᠎ᠠ ᠬᠡᠮᠵᠢᠶ᠎ᠡ ᠶᠢ ᠬᠦᠴᠦᠲᠡᠢ ᠪᠥᠭᠡᠳ ᠪᠦᠲᠦᠮᠵᠢᠲᠡᠢ | ᠬᠡᠷᠡᠭᠵᠢᠭᠦᠯᠵᠦ᠂ ᠠᠵᠤ ᠠᠬᠤᠶᠢᠯᠠᠯ ᠤᠨ ᠬᠥᠮᠥᠨ ᠬᠡᠷᠡᠭᠯᠡᠬᠦ ᠢᠳᠡᠪᠬᠢᠵᠢᠯ ᠢ ᠨᠡᠩ ᠶᠡᠭᠡ ᠬᠡᠮᠵᠢᠶ᠎ᠡ ᠪᠠᠷ ᠳᠠᠶᠢᠴᠢᠯᠠᠬᠤ | ᠮᠥᠷᠲᠡᠭᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠲᠠᠷᠢᠶᠠᠴᠢᠨ ᠬᠥᠯᠥᠰᠦᠨ ᠠᠵᠢᠯᠴᠢᠨ ᠵᠡᠷᠭᠡ | ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠦᠢᠯᠡᠴᠢᠯᠡᠭᠡ ᠶᠢ ᠬᠢᠨᠠᠮᠠᠭᠠᠢ ᠰᠠᠶᠢᠲᠤᠷ ᠬᠢᠵᠦ᠂ ᠲᠦᠷᠦ ᠶᠢᠨ | ᠪᠣᠳᠣᠯᠭ᠎ᠠ ᠶᠢᠨ ᠴᠢᠨᠠᠷᠲᠠᠢ ᠠᠵᠢᠯ ᠤᠨ ᠪᠠᠶᠢᠷᠢ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠲᠣᠭᠲᠠᠪᠤᠷᠢᠵᠢᠭᠤᠯᠵᠤ᠂ ᠠᠵᠢᠯ | ᠣᠯᠭᠤᠯᠲᠠ ᠶᠢᠨ ᠣᠷᠣᠨ ᠵᠠᠢ ᠶᠢ ᠤᠯᠠᠨ ᠠᠷᠭ᠎ᠠ ᠵᠠᠮ ᠢᠶᠠᠷ ᠥᠷᠭᠡᠳᠬᠡᠬᠦ ᠬᠡᠷᠡᠭᠲᠡᠢ᠃ ᠠᠵᠢᠯ ᠠᠯᠳᠠᠭᠰᠠᠳ ᠪᠠ ᠠᠵᠢᠯ | ᠣᠯᠬᠤ ᠳᠤ ᠬᠦᠴᠢᠷᠲᠡᠢ ᠪᠤᠰᠤᠳ ᠬᠥᠮᠥᠰ ᠢ ᠲᠦᠷᠦᠯ ᠬᠤᠪᠢᠶᠠᠨ ᠬᠠᠪᠰᠤᠷᠤᠨ ᠲᠡᠳᠬᠦᠬᠦ ᠬᠡᠷᠡᠭᠲᠡᠢ᠃ ᠪᠦᠲᠦᠴᠡ ᠶᠢᠨ | ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠪᠣᠳᠠᠲᠠᠢ ᠪᠥᠭᠡᠳ ᠪᠦᠲᠦᠮᠵᠢᠲᠡᠢ ᠠᠷᠭ᠎ᠠ | ᠬᠡᠮᠵᠢᠶ᠎ᠡ ᠠᠪᠴᠤ ᠪᠠᠶᠢᠭᠠᠳ ᠦᠢᠯᠡᠳᠬᠦ ᠦᠢᠯᠡᠰ᠂ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠵᠡᠷᠭᠡ ᠶᠢᠨ ᠠᠵᠢᠯ | ᠣᠯᠭᠤᠯᠲᠠ ᠶᠢᠨ ᠬᠡᠪᠴᠢᠶ᠎ᠡ ᠶᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢᠨ ᠤᠳᠤᠷᠢᠳᠤᠮᠵᠢ ᠶᠢ ᠲᠣᠪᠤᠶᠢᠯᠭᠠᠨ ᠶᠡᠭᠡ | ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ | ᠬᠡᠷᠡᠭᠴᠡᠭᠡ ᠳᠤ ᠬᠠᠨᠳᠤᠭᠤᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ | ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠤᠷᠸ᠎ᠠ ᠲᠦᠷᠦ ᠶᠢᠨ ᠪᠣᠳᠣᠯᠭ᠎ᠠ᠂ ᠠᠵᠤ ᠦᠢᠯᠡᠰ ᠤᠨ ᠲᠦᠷᠦ ᠶᠢᠨ | ᠪᠣᠳᠣᠯᠭ᠎ᠠ ᠵᠡᠷᠭᠡ ᠶᠢᠨ ᠳᠡᠮᠵᠢᠯᠭᠡ ᠶᠢ ᠴᠢᠩᠭᠠᠳᠬᠠᠵᠤ᠂ ᠪᠦᠲᠦᠮᠵᠢᠲᠡᠢ ᠬᠡᠷᠡᠭᠴᠡᠭᠡ ᠶᠢ ᠥᠷᠭᠡᠳᠬᠡᠬᠦ ᠂ ᠵᠠᠬ᠎ᠠ ᠳᠡᠯᠭᠡᠭᠦᠷ ᠤᠨ | ᠢᠲᠡᠭᠡᠯ ᠢ ᠨᠡᠮᠡᠭᠳᠡᠭᠦᠯᠬᠦ ᠪᠠ ᠠᠵᠤ ᠠᠬᠤᠶᠢᠯᠠᠯ ᠤᠨ ᠡᠵᠡᠩᠨᠡᠯᠲᠡ ᠶᠢ ᠲᠣᠭᠲᠠᠪᠤᠷᠢᠵᠢᠭᠤᠯᠬᠤ ᠪᠠᠷ ᠳᠠᠮᠵᠢᠭᠤᠯᠤᠨ ᠨᠡᠩ ᠤᠯᠠᠨ | ᠠᠵᠢᠯ ᠣᠯᠭᠤᠯᠲᠠ ᠶᠢ ᠲᠠᠶᠢᠴᠢᠯᠠᠵᠤ᠂ ᠠᠵᠢᠯ ᠣᠯᠭᠤᠯᠲᠠ ᠶᠢᠨ ᠨᠡᠮᠡᠭᠳᠡᠯ ᠪᠣᠯᠣᠨ ᠠᠵᠤ ᠠᠬᠤᠢ ᠶᠢᠨ ᠬᠥᠭᠵᠢᠯᠲᠡ ᠶᠢᠨ | ᠬᠠᠷᠢᠯᠴᠠᠨ ᠠᠬᠢᠭᠤᠯᠵᠤ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ ᠭᠡᠵᠡᠢ᠃ ᠬᠤᠷᠠᠯ ᠠᠴᠠ ︽ | ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠡᠬᠡ | ᠨᠣᠣᠷᠠᠭ︶︾ ᠢ ᠬᠢᠨᠠᠨ ᠵᠥᠪᠯᠡᠵᠦ ᠪᠠᠲᠤᠯᠠᠪᠠ᠃ ᠬᠤᠷᠠᠯ ᠠᠴᠠ᠂ ᠣᠶᠢᠷ᠎ᠠ ᠶᠢᠨ ᠵᠢᠯ ᠤᠳ ᠠᠴᠠ ᠨᠠᠭᠠᠰᠢ᠂ | ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠬᠡᠷᠡᠭᠯᠡᠯᠲᠡ ᠶᠠᠪᠤᠬᠤ ᠳᠤᠳᠤᠮ ᠥᠷᠭᠡᠳᠴᠦ᠂ ᠢᠨᠲ᠋ᠧᠷ ᠰᠦᠯᠵᠢᠶ᠎ᠡ | ᠪᠣᠯᠣᠨ ᠮᠡᠳᠡᠭᠡ ᠵᠠᠩᠭᠢ ᠶᠢᠨ ᠠᠮᠤᠷ ᠲᠦᠪᠰᠢᠨ ᠢ ᠪᠠᠲᠤᠯᠠᠬᠤ᠂ ᠠᠷᠠᠳ ᠢᠷᠭᠡᠳ ᠪᠣᠯᠣᠨ ᠬᠠᠤᠯᠢ ᠶᠢᠨ ᠡᠷᠬᠡᠲᠡᠨ ᠤ ᠡᠷᠬᠡ | ᠠᠰᠢᠭ ᠢ ᠬᠠᠮᠠᠭᠠᠯᠠᠬᠤ ᠲᠠᠯ᠎ᠠ ᠪᠠᠷ ᠬᠢ ᠴᠢᠬᠤᠯᠠ ᠴᠢᠨᠠᠷ ᠡᠳᠦᠷ ᠢᠷᠡᠬᠦᠶ᠎ᠡ ᠲᠣᠪᠤᠶᠢᠮ᠎ᠠ ᠪᠣᠯᠵᠤ ᠪᠠᠶᠢᠨ᠎ᠠ᠃ ᠤᠯᠤᠰ ᠤᠨ | ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠬᠤᠳᠠᠯᠳᠤᠭᠠᠨ ᠳᠤ ᠬᠡᠷᠡᠭᠯᠡᠬᠦ | ᠨᠢᠭᠤᠴᠠ ᠨᠣᠮᠧᠷ ᠤᠨ ᠬᠡᠷᠡᠭᠯᠡᠯᠲᠡ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠲᠠᠪᠴᠠᠩ ᠤᠨ ᠠᠵᠤ | ᠠᠬᠤᠶᠢᠯᠠᠯ ᠠᠴᠠ ᠬᠡᠷᠡᠭᠯᠡᠭᠴᠢ ᠶᠢᠨ ᠨᠢᠭᠤᠴᠠ ᠨᠣᠮᠧᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠬᠠᠤᠯᠢ ᠶᠣᠰᠣᠭᠠᠷ | ᠭᠦᠢᠴᠡᠳᠬᠡᠬᠦ ᠶᠢ ᠰᠢᠮᠳᠠᠭᠤᠯᠵᠤ᠂ ᠬᠤᠪᠢ ᠬᠥᠮᠥᠨ ᠤ ᠨᠢᠭᠤᠴᠠ᠂ ᠬᠤᠳᠠᠯᠳᠤᠭᠠᠨ ᠤ ᠨᠢᠭᠤᠴᠠ ᠪᠠ ᠵᠠᠰᠠᠭ ᠤᠨ ᠣᠷᠳᠣᠨ ᠤ | ᠬᠤᠷᠴᠠ ᠰᠡᠷᠭᠡᠭ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠲᠣᠭᠠᠴᠢᠯᠠᠭᠰᠠᠨ ᠠᠵᠤ ᠠᠬᠤᠢ ᠶᠢᠨ | ᠲᠦᠷᠭᠡᠨ ᠬᠥᠭᠵᠢᠯᠲᠡ ᠶᠢᠨ ᠬᠠᠨᠳᠤᠰᠢ ᠳᠤ ᠨᠡᠩ ᠰᠠᠶᠢᠨ ᠵᠣᠬᠢᠴᠠᠭᠤᠯᠵᠤ᠂ ᠬᠤᠳᠠᠯᠳᠤᠭᠠᠨ ᠳᠤ ᠬᠡᠷᠡᠭᠯᠡᠬᠦ ᠨᠢᠭᠤᠴᠠ | ᠨᠣᠮᠧᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠬᠤᠳᠠᠯᠳᠤᠭᠠᠨ ᠳᠤ ᠬᠡᠷᠡᠭᠯᠡᠬᠦ ᠨᠢᠭᠤᠴᠠ ᠨᠣᠮᠧᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠤᠯᠠᠷᠢᠭᠤᠯᠬᠤ ᠪᠠ ᠠᠵᠤ ᠦᠢᠯᠡᠰᠵᠢᠭᠦᠯᠦᠨ ᠬᠡᠷᠡᠭᠯᠡᠬᠦ ᠶᠢ ᠠᠬᠢᠭᠤᠯᠵᠤ᠂ ᠬᠤᠳᠠᠯᠳᠤᠭᠠᠨ ᠳᠤ ᠬᠡᠷᠡᠭᠯᠡᠬᠦ | ᠨᠢᠭᠤᠴᠠ ᠨᠣᠮᠧᠷ ᠤᠨ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠨ | ᠭᠠᠷᠭᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | |