| | ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ | ᠭᠦᠨᠵᠡᠭᠡᠢ ᠥᠷᠨᠢᠭᠦᠯᠬᠦ ᠠᠵᠢᠯ ᠢ ᠰᠤᠳᠤᠯᠤᠨ ᠪᠠᠶᠢᠷᠢᠯᠠᠭᠤᠯᠵᠤ ︽ᠤᠳᠤᠷᠢᠳᠬᠤ ᠺᠠᠳ᠋ᠷ ᠬᠤᠪᠢ ᠬᠥᠮᠥᠨ ᠤ ᠬᠤᠯᠪᠣᠭᠳᠠᠯ | ᠪᠦᠬᠦᠢ ᠵᠦᠢᠯ ᠢᠶᠠᠨ ᠮᠡᠳᠡᠭᠦᠯᠭᠦ ᠲᠣᠭᠲᠠᠭᠠᠯ︾ ᠢ ᠬᠢᠨᠠᠨ ᠵᠥᠪᠯᠡᠪᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ | ᠰᠢ ᠶᠢᠨ ᠫᠢᠩ ᠬᠤᠷᠠᠯ ᠢ ᠡᠷᠭᠢᠯᠡᠵᠠᠢ ᠰᠢᠨᠬᠤᠸᠠ ᠬᠤᠷᠢᠶ᠎ᠠ ᠶᠢᠨ ᠪᠡᠭᠡᠵᠢᠩ ᠤᠨ 3 ᠰᠠᠷ᠎ᠠ ᠶᠢᠨ 30 ᠤ ᠴᠠᠭᠢᠯᠭᠠᠨ ᠮᠡᠳᠡᠭᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 3 ᠰᠠᠷ᠎ᠠ ᠶᠢᠨ 30 ᠤ ᠡᠳᠦᠷ ᠬᠤᠷᠠᠯ ᠬᠤᠷᠠᠯᠳᠤᠭᠤᠯᠵᠤ᠂ | ᠡᠨᠡ ᠵᠢᠯ ᠤᠨ 4 ᠰᠠᠷ᠎ᠠ ᠠᠴᠠ ᠡᠬᠢᠯᠡᠨ᠂ ᠪᠦᠭᠦ ᠨᠠᠮ ᠤᠨ ᠳᠣᠲᠣᠷ᠎ᠠ ᠳᠡᠭᠡᠷ᠎ᠡ ᠠᠴᠠ ᠳᠣᠷᠣᠭᠰᠢ ᠬᠤᠶᠠᠷ ᠪᠦᠯᠦᠭ ᠬᠤᠪᠢᠶᠠᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠲᠣᠭᠲᠠᠪᠠ᠃ ᠬᠤᠷᠠᠯ ᠠᠴᠠ | ︽ᠤᠳᠤᠷᠢᠳᠬᠤ ᠺᠠᠳ᠋ᠷ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠲᠣᠭᠲᠠᠭᠠᠯ︾ ᠢ ᠬᠢᠨᠠᠨ ᠵᠥᠪᠯᠡᠪᠡ | ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ᠃ ᠬᠤᠷᠠᠯ ᠠᠴᠠ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠵᠦ᠂ ᠰᠢᠶᠠᠨ ᠭᠠᠵᠠᠷ ᠤᠨ ᠲᠡᠰ ᠠᠴᠠ ᠳᠡᠭᠡᠭᠰᠢᠬᠢ | ᠤᠳᠤᠷᠢᠳᠬᠤ ᠺᠠᠳ᠋ᠷ ᠢᠶᠠᠷ ᠭᠤᠣᠯᠳᠠᠯᠭ᠎ᠠ ᠪᠤᠯᠭᠠᠵᠤ᠂ ᠪᠦᠭᠦ ᠨᠠᠮ ᠤᠨ ᠳᠣᠲᠣᠷ᠎ᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠰᠢᠨ᠎ᠡ ᠶᠢ ᠡᠭᠦᠳᠭᠦ ᠤᠨᠤᠯ ᠢᠶᠠᠷ | ᠦᠵᠡᠯ ᠰᠠᠨᠠᠭ᠎ᠠ ᠪᠠᠨ ᠨᠢᠭᠡᠳᠬᠡᠵᠦ᠂ ᠵᠣᠷᠢᠯᠲᠠ ᠪᠠᠨ ᠨᠢᠭᠡᠳᠬᠡᠵᠦ᠂ ᠦᠢᠯᠡ ᠠᠵᠢᠯᠯᠠᠭ᠎ᠠ ᠪᠠᠨ ᠨᠢᠭᠡᠳᠬᠡᠵᠦ᠂ ᠨᠠᠮ | ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ︽ᠭᠤᠷᠪᠠᠨ ᠡᠷᠬᠡᠪᠰᠢ︾ ᠶᠢ ᠪᠠᠲᠤ ᠴᠡᠭᠡᠵᠢᠯᠡᠵᠦ᠂ ᠪᠦᠭᠦ | ᠨᠠᠮ ᠢᠶᠠᠷ ᠢᠶᠠᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠪᠦᠯᠬᠦᠮᠳᠡᠨ ᠲᠡᠮᠡᠴᠡᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠪᠦᠭᠦ ᠨᠠᠮ ᠤᠨ ᠳᠣᠲᠣᠷ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠲᠥᠪ | ᠬᠤᠷᠢᠶ᠎ᠠ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ | ᠨᠠᠮ ᠤᠨ ᠨᠥᠬᠦᠳ ᠢ ᠳᠠᠶᠢᠴᠢᠯᠠᠨ ᠨᠠᠮ ᠤᠨ ᠭᠤᠣᠯ ᠡᠭᠦᠷᠭᠡ ᠶᠢ ᠪᠡᠶᠡᠯᠡᠭᠦᠯᠬᠦ ᠪᠠᠷ ᠪᠦᠯᠬᠦᠮᠳᠡᠨ ᠲᠡᠮᠡᠴᠡᠭᠦᠯᠬᠦ ᠶᠢᠨ ᠲᠥᠯᠥᠭᠡ | ᠪᠠᠶᠢᠷᠢᠯᠠᠭᠤᠯᠤᠭᠰᠠᠨ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ ᠴᠢᠬᠤᠯᠠ ᠶᠡᠭᠡ ᠪᠠᠶᠢᠷᠢᠯᠠᠭᠤᠯᠤᠯᠲᠠ ᠮᠥᠨ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠰᠡᠳᠬᠢᠯ ᠢ ᠨᠢᠭᠲᠠᠷᠠᠭᠤᠯᠵᠤ ᠰᠦᠭ ᠰᠦᠨᠡᠰᠦ ᠶᠢ ᠱᠤᠭᠤᠵᠤ᠂ ᠪᠦᠭᠦ ᠨᠠᠮ ᠢᠶᠠᠷ ᠢᠶᠠᠨ ︽ᠬᠤᠶᠠᠷ ᠢ ᠲᠣᠭᠲᠠᠭᠠᠭᠰᠠᠨ︾ ᠤ | ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠤᠬᠠᠮᠰᠠᠷ ᠠᠴᠠ ᠪᠠᠨ ᠭᠦᠨᠵᠡᠭᠡᠢ ᠣᠶᠢᠯᠠᠭᠠᠬᠤ ᠶᠢ ᠠᠬᠢᠭᠤᠯᠵᠤ᠂ ︽ | ᠳᠥᠷᠪᠡᠨ ᠤᠬᠠᠮᠰᠠᠷ︾ ᠢ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠥᠪ ᠬᠤᠷᠢᠶ᠎ᠠ ᠲᠠᠢ | ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠭᠡᠷᠡᠭᠲᠡᠶ︔ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠦᠭᠦ ᠲᠠᠯ᠎ᠠ ᠪᠠᠷ ᠰᠤᠷᠤᠯᠴᠠᠵᠤ᠂ ᠪᠦᠭᠦ ᠲᠠᠯ᠎ᠠ ᠪᠠᠷ ᠡᠵᠡᠮᠳᠡᠵᠦ᠂ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠭᠡᠷᠡᠭᠲᠡᠢ︔ | ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠠᠬᠢᠭᠤᠯᠵᠤ᠂ ᠶᠡᠭᠡ ᠨᠠᠮ ᠤᠨ ᠥᠪᠡᠷᠮᠢᠴᠡ ᠬᠦᠴᠢᠷ | ᠠᠰᠠᠭᠤᠳᠠᠯ ᠢ ᠰᠢᠢᠳᠪᠦᠷᠢᠯᠡᠬᠦ ᠰᠡᠷᠭᠡᠭ ᠴᠢᠨᠠᠷ ᠪᠠ ᠡᠷᠡᠰ ᠪᠠᠲᠤ ᠴᠢᠨᠠᠷ ᠢ ᠴᠠᠭ ᠢᠮᠠᠭᠲᠠ ᠪᠠᠲᠤᠯᠠᠵᠤ᠂ ᠢᠮᠠᠭᠲᠠ ᠠᠷᠠᠳ | ᠲᠦᠮᠡᠨ ᠲᠠᠢ ᠰᠡᠳᠬᠢᠯ ᠨᠢᠭᠡᠳᠴᠦ᠂ ᠨᠠᠮ ᠤᠨ ᠲᠡᠷᠢᠭᠦᠨ ᠤ ᠴᠢᠨᠠᠷ ᠪᠠ ᠴᠡᠪᠡᠷ ᠴᠢᠨᠠᠷ ᠢ ᠪᠠᠲᠤᠯᠠᠵᠤ᠂ ᠪᠦᠭᠦ ᠨᠠᠮ ᠢ ᠰᠢ ᠶᠢᠨ | ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠭᠤᠯᠤᠨ | ᠪᠦᠯᠬᠦᠮᠳᠡᠭᠦᠯᠵᠦ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠬᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ | ᠪᠠᠲᠤ ᠴᠢᠩᠭ᠎ᠠ ᠬᠦᠴᠦᠨ ᠪᠦᠬᠦᠢ ᠤᠯᠤᠰ ᠲᠦᠷᠦ ᠶᠢᠨ ᠵᠢᠯᠣᠭᠤᠳᠤᠮᠵᠢ ᠪᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠢ ᠥᠷᠨᠢᠭᠦᠯᠬᠦ | ᠶᠡᠷᠦᠩᠬᠡᠢ ᠱᠠᠭᠠᠷᠳᠠᠯᠭ᠎ᠠ ᠪᠣᠯ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ | ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠠᠪᠤᠳᠠᠯ ᠪᠣᠯᠣᠨ᠎ᠠ᠂ ᠦᠨᠳᠦᠰᠦᠨ ᠡᠭᠦᠷᠭᠡ ᠪᠣᠯ ᠰᠤᠷᠤᠯᠴᠠᠬᠤ | ᠰᠡᠳᠭᠢᠭᠦ ᠬᠡᠷᠡᠭᠯᠡᠬᠦ ᠶᠢ ᠤᠶᠠᠯᠳᠤᠭᠤᠯᠬᠤ᠂ ᠮᠡᠳᠡᠭᠦ ᠢᠲᠡᠭᠡᠭᠦ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠪᠠᠲᠤ | ᠬᠦᠰᠡᠯᠡᠩ ᠢᠶᠠᠨ ᠪᠠᠲᠤᠳᠬᠠᠬᠤ᠂ ᠨᠠᠮᠴᠢ ᠴᠢᠨᠠᠷ ᠢ ᠳᠠᠪᠲᠠᠨ ᠪᠤᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ | ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠪᠦᠭᠦ ᠨᠠᠮ ᠢ ᠢᠮᠠᠭᠲᠠ ᠨᠢᠭᠡᠳᠦᠯᠲᠡᠢ ᠦᠵᠡᠯ | ᠰᠠᠨᠠᠭ᠎ᠠ᠂ ᠡᠷᠡᠰ ᠪᠠᠲᠤ ᠵᠣᠷᠢᠯᠲᠠ᠂ ᠵᠣᠬᠢᠴᠠᠩᠭᠤᠢ ᠠᠵᠢᠯᠯᠠᠭ᠎ᠠ᠂ ᠬᠦᠴᠦᠷᠬᠡᠭ ᠶᠡᠭᠡ ᠲᠠᠶᠢᠴᠢᠨ ᠬᠦᠴᠦᠨ ᠲᠠᠢ ᠪᠠᠶᠢᠯᠭᠠᠵᠤ᠂ | ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ | ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠦᠨᠡᠨ ᠪᠣᠳᠠᠲᠠᠢ | ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠪᠣᠯᠣᠨ᠎ᠠ᠃ ᠨᠢᠭᠡ ᠰᠡᠳᠬᠢᠯ ᠢᠶᠠᠷ ᠰᠦᠭ ᠰᠦᠨᠡᠰᠦ ᠶᠢ ᠱᠤᠭᠤᠵᠤ ᠦᠨᠳᠦᠰᠦ ᠶᠢ | ᠪᠠᠬᠢᠵᠢᠭᠦᠯᠬᠦ᠂ ᠵᠠᠩ ᠴᠢᠨᠠᠷ ᠢ ᠳᠠᠪᠲᠠᠨ ᠪᠤᠯᠪᠠᠰᠤᠷᠠᠭᠤᠯᠵᠤ ᠦᠨᠡᠨᠴᠢ ᠰᠢᠳᠤᠷᠭᠤ ᠪᠠᠶᠢᠬᠤ ᠶᠢ ᠴᠢᠩᠭᠠᠳᠬᠠᠬᠤ᠂ ᠪᠣᠳᠠᠲᠠᠢ | ᠠᠵᠢᠯᠯᠠᠨ ᠬᠠᠷᠢᠭᠤᠴᠠᠯᠭ᠎ᠠ ᠡᠭᠦᠷᠭᠡᠯᠡᠵᠦ ᠬᠥᠭᠵᠢᠯᠲᠡ ᠶᠢ ᠠᠬᠢᠭᠤᠯᠬᠤ᠂ ᠵᠣᠷᠢᠯᠲᠠ ᠪᠠᠨ ᠦᠢᠯᠡᠳᠦᠯᠭᠡᠵᠢᠭᠦᠯᠵᠦ ᠠᠷᠠᠳ | ᠲᠦᠮᠡᠨ ᠳᠤ ᠪᠤᠶᠠᠨ ᠦᠶ᠋ᠯᠡᠳᠭᠦ᠂ ᠠᠷᠢᠭᠤᠨ ᠴᠢᠬᠡᠴᠢ ᠪᠠᠷ ᠠᠯᠪᠠᠨ ᠳᠤ ᠦᠢᠯᠡᠴᠢᠯᠡᠵᠦ ᠰᠢᠨ᠎ᠡ ᠰᠤᠷᠲᠠᠯ ᠢ ᠪᠤᠶ ᠪᠤᠯᠭᠠᠬᠤ | ᠬᠠᠷᠠᠯᠲᠠ ᠳᠤ ᠬᠦᠷᠴᠦ᠂ ᠣᠨᠣᠯ ᠤᠨ ᠰᠤᠷᠤᠯᠴᠠᠯᠭ᠎ᠠ᠂ ᠤᠯᠤᠰ ᠲᠥᠷᠥ ᠶᠢᠨ ᠬᠡᠪ ᠪᠣᠯᠪᠠᠰᠤᠷᠠᠯ᠂ ᠴᠢᠳᠠᠪᠤᠷᠢ ᠡᠷᠳᠡᠮ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠤᠨ ᠰᠤᠷᠲᠠᠯ᠂ ᠠᠷᠢᠭᠤᠨ ᠴᠢᠬᠡᠴᠢ ᠪᠠᠷ | ᠥᠪᠡᠷ ᠢ ᠪᠠᠨ ᠱᠠᠭᠠᠷᠳᠠᠬᠤ ᠵᠡᠷᠭᠡ 6 ᠲᠠᠯ᠎ᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠭᠤᠣᠯ ᠰᠡᠳᠦᠪᠲᠦ | ᠬᠥᠮᠦᠵᠢᠯ ᠢ ᠱᠠᠲᠤ ᠬᠤᠪᠢᠶᠠᠬᠤ ᠦᠭᠡᠢ᠂ ᠭᠤᠭᠴᠤᠭ᠎ᠠ ᠬᠤᠪᠢᠶᠠᠬᠤ ᠦᠭᠡᠢ ᠪᠠᠶᠢᠵᠤ᠂ ᠤᠨᠤᠯ ᠤᠨ ᠰᠤᠷᠤᠯᠴᠠᠯᠭ᠎ᠠ᠂ | ᠪᠠᠶᠢᠴᠠᠭᠠᠨ ᠰᠤᠳᠤᠯᠤᠯᠲᠠ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ | ᠨᠠᠪᠲᠠᠷᠡᠭᠦᠯᠵᠦ᠂ ᠣᠷᠭᠠᠨᠢᠭ ᠢᠶᠠᠷ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ ᠭᠡᠵᠦ ᠵᠢᠭᠠᠵᠤ | ᠭᠠᠷᠭᠠᠪᠠ᠃ ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ | ᠡᠵᠡᠮᠰᠢᠨ ᠬᠡᠷᠡᠭᠯᠡᠬᠦ ᠶᠢ ᠴᠢᠩᠭᠠᠳᠬᠠᠵᠤ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠣᠨᠳᠣᠣᠰᠢᠭᠤᠯᠬᠤ ᠶᠢ | ᠰᠠᠶᠢᠲᠤᠷ ᠠᠳᠬᠤᠵᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ | ᠰᠢᠢᠳᠪᠦᠷᠢᠯᠡᠵᠦ᠂ ᠲᠣᠪᠤᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠵᠤ᠂ ᠡᠴᠦᠰ ᠲᠡᠭᠡᠨ ᠤᠯᠠᠨ ᠲᠦᠮᠡᠨ ᠤ | ᠬᠠᠨᠤᠮᠵᠢᠲᠠᠢ ᠪᠠᠶᠢᠬᠤ ᠡᠰᠡᠬᠦ ᠪᠠᠷ ᠦᠨᠳᠦᠰᠦᠨ ᠦᠨᠡᠯᠡᠯᠲᠡ ᠶᠢᠨ ᠪᠠᠷᠢᠮᠵᠢᠶ᠎ᠠ ᠪᠤᠯᠭᠠᠬᠤ ᠬᠡᠷᠡᠭᠲᠡᠢ᠃ ᠭᠤᠣᠯ ᠰᠡᠳᠦᠪᠲᠦ | ᠬᠥᠮᠦᠵᠢᠯ ᠥᠷᠨᠢᠭᠦᠯᠬᠦ ᠶᠢ ᠭᠤᠣᠯ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ︽ᠬᠤᠶᠠᠷ ᠨᠢᠭᠤᠷᠳᠠᠨ︾ ᠤ ᠶᠠᠪᠤᠳᠠᠯ | ᠭᠠᠷᠬᠤ ᠠᠴᠠ ᠰᠡᠷᠭᠡᠶᠢᠯᠡᠬᠦ ᠬᠡᠷᠡᠭᠲᠡᠢ᠃ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠰᠠᠶᠢᠨ ᠰᠠᠶᠢᠬᠠᠨ | ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠭᠢᠮᠯᠡᠭᠦ᠂ | ᠦᠨᠡᠨ ᠬᠦ ᠠᠳᠬᠤᠨ ᠪᠣᠳᠠᠲᠠᠢ ᠠᠵᠢᠯᠯᠠᠬᠤ ᠶᠢ ᠪᠠᠷᠢᠮᠲᠠᠯᠠᠵᠤ᠂ ᠬᠡᠯᠪᠡᠷᠢᠴᠢ ᠦᠵᠡᠯ ᠢ ᠡᠷᠡᠰ ᠡᠰᠡᠷᠭᠦᠴᠡᠨ ᠰᠡᠷᠭᠡᠶᠢᠯᠡᠵᠦ᠂ | ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠭᠦᠨᠵᠡᠭᠡᠶᠢᠷᠡᠭᠦᠯᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠲᠣᠭᠲᠠᠭᠠᠵᠤ᠂ ᠨᠠᠮ ᠤᠨ | ᠰᠢᠨ᠎ᠡ ᠶᠢ ᠡᠭᠦᠳᠦᠭᠰᠡᠨ ᠤᠨᠤᠯ ᠢ ᠰᠤᠷᠤᠯᠴᠠᠨ ᠲᠤᠭᠤᠰᠢᠯᠠᠭᠤᠯᠬᠤ ᠳᠦᠷᠢᠮ ᠲᠣᠭᠲᠠᠴᠠ ᠶᠢ ᠪᠦᠷᠢᠨᠰᠢᠭᠦᠯᠵᠦ᠂ | ᠪᠠᠶᠢᠩᠭᠤ ᠶᠢᠨ ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠤᠯᠭᠠᠬᠰᠠᠨ ᠨᠠᠮ ᠤᠨ ᠲᠥᠪ ᠬᠤᠷᠢᠶ᠎ᠠ᠂ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ | ᠮᠡᠳᠡᠭᠦᠯᠭᠦ ᠳᠦᠷᠢᠮ ᠢ ᠴᠢᠩᠭ᠎ᠠ ᠬᠡᠷᠡᠭᠵᠢᠭᠦᠯᠬᠦ ᠶᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠳᠤ ᠣᠷᠣᠭᠤᠯᠵᠤ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠢ ᠴᠢᠩᠳᠠᠯᠠᠬᠤ᠂ ᠺᠠᠳ᠋ᠷ ᠢ ᠴᠢᠩᠭ᠎ᠠ | ᠬᠠᠮᠢᠶᠠᠷᠤᠨ ᠬᠢᠨᠠᠯᠲᠠ ᠲᠠᠯᠪᠢᠬᠤ ᠴᠢᠬᠤᠯᠠ ᠠᠷᠭ᠎ᠠ ᠬᠡᠮᠵᠢᠶ᠎ᠡ ᠪᠤᠯᠭᠠᠵᠤ᠂ ᠨᠠᠮ ᠢ ᠬᠠᠮᠢᠶᠠᠷᠬᠤ ᠳᠠᠷᠤᠭ᠎ᠠ ᠨᠣᠶᠠᠳ ᠢ | ᠵᠠᠰᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠦᠷ᠎ᠡ ᠪᠦᠲᠦᠮᠵᠢ ᠭᠠᠷᠭᠠᠬᠤ ᠶᠢ ᠬᠦᠴᠦᠲᠡᠢ ᠠᠬᠢᠭᠤᠯᠪᠠ᠃ ︽ | ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠲᠣᠭᠲᠠᠭᠠᠯ︾ ᠳᠤ ᠵᠠᠰᠠᠪᠤᠷᠢ | ᠣᠷᠣᠭᠤᠯᠤᠭᠰᠠᠨ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ | ᠳᠤᠮᠳᠠᠳᠤ ᠤᠯᠤᠰ ᠤᠨ ᠣᠨᠴᠠᠯᠢᠭ ᠲᠠᠢ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ | ᠮᠡᠳᠡᠭᠦᠯᠭᠦ ᠳᠦᠷᠢᠮ ᠢ ᠪᠦᠷᠢᠨᠰᠢᠭᠦᠯᠦᠨ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠳᠦᠷᠢᠮ ᠤᠨ ᠵᠢᠷᠤᠮᠵᠢᠯ ᠤᠨ | ᠰᠢᠰᠲ᠋ᠧᠮ ᠢ ᠲᠡᠭᠦᠯᠳᠡᠷᠵᠢᠭᠦᠯᠵᠦ᠂ ᠤᠳᠤᠷᠢᠳᠬᠤ ᠺᠠᠳ᠋ᠷ ᠤᠨ ᠬᠠᠮᠢᠶᠠᠷᠤᠯᠲᠠ ᠪᠠ ᠬᠢᠨᠠᠯᠲᠠ ᠶᠢ ᠤᠯᠠᠮ ᠴᠢᠨᠠᠭᠰᠢᠳᠠ | ᠴᠢᠩᠭᠠᠳᠬᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠤᠳᠤᠷᠢᠳᠬᠤ | ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠪᠣᠯ ᠵᠢᠭᠠᠪᠤᠷᠢ ᠠᠪᠴᠤ ᠮᠡᠳᠡᠭᠦᠯᠭᠦ | ᠳᠦᠷᠢᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠵᠣᠬᠢᠶᠠᠨ ᠪᠠᠶᠢᠭᠤᠯᠤᠯᠲᠠ ᠳᠤ ᠬᠤᠪᠢ ᠬᠥᠮᠥᠨ ᠤ ᠬᠤᠯᠪᠣᠭᠳᠠᠯ | ᠪᠦᠬᠦᠢ ᠵᠦᠢᠯ ᠢᠶᠠᠨ ᠦᠨᠡᠨ ᠮᠥᠨ ᠢᠶᠠᠷ ᠨᠢ ᠮᠡᠳᠡᠭᠦᠯᠭᠦ ᠪᠣᠯ ᠤᠳᠤᠷᠢᠳᠬᠤ ᠺᠠᠳ᠋ᠷ ᠤᠨ ᠡᠷᠬᠡᠪᠰᠢ ᠵᠢᠷᠤᠮᠯᠠᠬᠤ ᠤᠯᠤᠰ | ᠲᠦᠷᠦ ᠶᠢᠨ ᠰᠠᠬᠢᠯᠭ᠎ᠠ ᠪᠠᠲᠤ ᠪᠠ ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ ᠮᠥᠨ᠃ ᠤᠳᠤᠷᠢᠳᠬᠤ ᠺᠠᠳ᠋ᠷ ︽ | ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ | ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ | ᠪᠡᠶᠡᠯᠡᠭᠦᠯᠵᠦ᠂ ᠨᠠᠮ ᠳᠠᠭᠠᠨ ᠦᠨᠡᠨᠴᠢ ᠰᠢᠳᠤᠷᠭᠤ᠂ ᠲᠥᠪ ᠴᠢᠬᠡᠴᠢ ᠪᠠᠶᠢᠵᠤ᠂ ᠦᠨᠡᠨ ᠦᠭᠡ ᠬᠡᠯᠡᠵᠦ᠂ ᠪᠣᠳᠠᠲᠠᠢ ᠠᠵᠢᠯ | ᠬᠢᠵᠦ᠂ ᠰᠢᠳᠤᠷᠭᠤ ᠬᠥᠮᠥᠨ ᠪᠣᠯᠵᠤ᠂ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠦᠨᠡᠨ ᠮᠥᠨ ᠢᠶᠠᠷ ᠨᠢ | ᠮᠡᠳᠡᠭᠦᠯᠵᠦ᠂ ᠵᠣᠬᠢᠶᠠᠨ ᠪᠠᠶᠢᠭᠤᠯᠤᠯᠲᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠳᠡᠭᠡᠳᠦ ᠵᠡᠷᠭᠡ ᠶᠢᠨ | ᠺᠠᠳ᠋ᠷ ᠨᠠᠷ ᠲᠦᠷᠦᠭᠦᠯᠡᠨ ᠬᠡᠷᠡᠭᠵᠢᠭᠦᠯᠵᠦ᠂ ᠵᠢᠱᠢᠶᠡᠴᠢ ᠪᠠᠷ ᠵᠢᠷᠤᠮᠯᠠᠨ᠂ ᠳᠡᠭᠡᠳᠦ ᠱᠠᠲᠤ ᠨᠢ ᠳᠣᠣᠷᠠᠳᠤ ᠱᠠᠲᠤ ᠪᠠᠨ | ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ | ᠤᠳᠤᠷᠢᠳᠬᠤ ᠳᠤᠭᠤᠶᠢᠯᠠᠩ︶ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠠᠨ | ᠨᠠᠷᠢᠨ ᠬᠢᠨᠠᠮᠠᠭᠠᠢ ᠭᠦᠢᠴᠡᠳᠬᠡᠵᠦ᠂ ᠴᠢᠩᠭ᠎ᠠ ᠭᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ ᠢᠶᠠᠷ | ᠲᠤᠭᠤᠰᠢᠯᠠᠭᠤᠯᠤᠨ ᠬᠡᠷᠡᠭᠵᠢᠭᠦᠯᠬᠦ ᠶᠢ ᠰᠠᠶᠢᠲᠤᠷ ᠠᠳᠬᠤᠵᠤ᠂ ᠮᠡᠳᠡᠭᠦᠯᠭᠦ ᠰᠠᠬᠢᠯᠭ᠎ᠠ ᠪᠠᠲᠤ ᠶᠢ ᠴᠢᠩᠳᠠᠯᠠᠵᠤ᠂ ᠰᠤᠭᠤᠴᠢᠨ | ᠪᠠᠶᠢᠴᠠᠭᠠᠵᠤ ᠬᠢᠨᠠᠨ ᠬᠠᠷᠭᠤᠭᠤᠯᠬᠤ ᠶᠢ ᠴᠢᠩᠭᠠᠳᠬᠠᠵᠤ᠂ ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ | ᠪᠦᠬᠦᠢ ᠵᠦᠢᠯ ᠢᠶᠠᠨ ᠮᠡᠳᠡᠭᠦᠯᠭᠦ ᠳᠦᠷᠢᠮ ᠤᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠡᠷᠡᠰ ᠬᠠᠮᠠᠭᠠᠯᠠᠵᠤ᠂ | ᠤᠳᠤᠷᠢᠳᠬᠤ ᠺᠠᠳ᠋ᠷ ᠤᠨ ᠬᠤᠪᠢ ᠬᠥᠮᠥᠨ ᠤ ᠬᠤᠯᠪᠣᠭᠳᠠᠯ ᠪᠦᠬᠦᠢ ᠵᠦᠢᠯ ᠢᠶᠠᠨ ᠮᠡᠳᠡᠭᠦᠯᠭᠦ ᠳᠦᠷᠢᠮ ᠤᠨ ᠪᠦᠭᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠳᠤᠮᠳᠠ ᠨᠡᠩ ᠶᠡᠭᠡ ᠦᠢᠯᠡᠳᠦᠯ ᠦᠵᠡᠭᠦᠯᠭᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |