ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠵᠦ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠠᠬᠢᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠪᠠ
ᠨᠡᠶᠢᠲᠡᠯᠡᠭᠰᠡᠨ ᠴᠠᠭ᠄
2023/5/16
                     5 ᠰᠠᠷ᠎ᠠ ᠶᠢᠨ 8᠎ ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠲᠥᠪ ᠤᠨ ᠡᠳ᠋ ᠤᠨ ᠵᠠᠰᠠᠭ ᠠᠵᠤ ᠠᠬᠤᠶ ᠶᠢᠨ ᠬᠤᠷᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠲᠠ ᠶᠢᠨ ᠠᠵᠤ ᠦᠢᠯᠡᠳᠪᠦᠷᠢ᠂ ᠦᠢᠯᠡᠴᠢᠯᠡᠭᠡᠨ ᠤ ᠦᠢᠯᠡᠰ᠂ ᠰᠠᠭᠤᠷᠢ ᠲᠥᠬᠦᠭᠡᠷᠦᠮᠵᠢ ᠵᠢᠴᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠤᠤᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠶ ᠵᠠᠳᠠᠯᠵᠤ᠂ ᠴᠢᠩᠭᠠᠳᠬᠠᠨ ᠰᠠᠶᠢᠵᠢᠷᠠᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠭᠤᠤᠯᠳᠠᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠨ᠂ ᠠᠵᠤ ᠠᠬᠤᠶ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠤᠯᠠᠮ ᠨᠢᠭᠡ ᠠᠯᠬᠤᠮ ᠢᠲᠡᠭᠡᠯ ᠵᠣᠷᠢᠭ ᠢᠶᠠᠨ ᠬᠥᠪᠴᠢᠯᠡᠵᠦ᠂ ᠲᠥᠷᠥᠯ ᠵᠦᠢᠯ ᠢ ᠠᠳᠬᠤᠵᠤ᠂ ᠠᠷᠠᠯᠵᠢᠶᠠᠴᠢᠨ ᠤᠷᠢᠬᠤ ᠶᠢ ᠠᠬᠢᠭᠤᠯᠵᠤ᠂ ᠬᠦᠴᠢᠷ ᠠᠰᠠᠭᠤᠳᠠᠯ ᠢ ᠰᠢᠢᠳᠪᠦᠷᠢᠯᠡᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠲᠥᠷᠭᠡᠳᠬᠡᠨ᠂ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠶ ᠪᠠᠷ ᠲᠤᠯᠭᠠᠭᠤᠷᠢᠯᠠᠯ ᠪᠣᠯᠭᠠᠭᠰᠠᠨ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠶ᠃ ᠣᠳᠣᠬᠠᠨ ᠳᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠂ ᠲᠤᠬᠢᠷᠠᠭᠤᠯᠤᠨ ᠵᠣᠬᠢᠴᠠᠭᠤᠯᠵᠤ ᠱᠠᠯᠠᠪᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠲᠦᠷᠭᠡᠨ ᠪᠢᠰᠢ᠂ ᠠᠬᠢᠭᠤᠯᠬᠤ ᠡᠷᠴᠢᠮ ᠴᠢᠩᠭ᠎ᠠ ᠪᠢᠰᠢ᠂ ᠭᠠᠷᠳᠠᠮ ᠭᠦᠢᠴᠡᠳᠬᠡᠬᠦ ᠦᠷ᠎ᠡ ᠪᠦᠲᠦᠮᠵᠢ ᠥᠨᠳᠥᠷ ᠪᠢᠰᠢ᠂ ᠪᠡᠯᠡ ᠮᠥᠩᠭᠦ ᠪᠠᠴᠢᠮ ᠪᠠᠶᠢᠬᠤ ᠵᠡᠷᠭᠡ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠭᠠᠷ ᠭᠦᠢᠴᠡᠳᠬᠡᠯ ᠢᠶᠠᠨ ᠭᠦᠢᠴᠡᠳᠬᠡᠵᠦ ᠳᠠᠭᠤᠰᠤᠭᠠᠳᠤᠢ ᠲᠦᠷᠦᠯ ᠵᠦᠢᠯ ᠢ ᠳᠠᠷᠤᠢ ᠲᠦᠷᠭᠡᠨ ᠭᠦᠢᠴᠡᠳᠬᠡᠬᠦ᠂ ᠠᠵᠢᠯ ᠡᠬᠢᠯᠡᠭᠦᠯᠦᠭᠡᠳᠦᠢ ᠲᠦᠷᠦᠯ ᠵᠦᠢᠯ ᠢ ᠱᠠᠯᠠᠪᠳᠠᠨ ᠠᠵᠢᠯ ᠡᠬᠢᠯᠡᠭᠦᠯᠬᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ ᠲᠦᠷᠭᠡᠳᠬᠡᠨ ᠪᠦᠳᠦᠭᠡᠨ ᠪᠠᠶᠢᠭᠤᠯᠬᠤ ᠶᠢ ᠠᠬᠢᠭᠤᠯᠵᠤ᠂ ᠪᠡᠯᠡ ᠣᠷᠣᠭᠤᠯᠤᠯᠲᠠ ᠶᠢᠨ ᠡᠷᠴᠢᠮ ᠪᠣᠯᠤᠨ ᠲᠦᠷᠢ ᠲᠥᠷᠬᠦ ᠶᠢᠨ ᠠᠬᠢᠴᠠ ᠶᠢ ᠦᠨᠡᠨᠬᠦ ᠪᠠᠲᠤᠯᠠᠨ᠂ ︽ᠬᠤᠣᠰ ᠬᠠᠭᠠᠰ ᠢ ᠳᠠᠪᠠᠭ᠋ᠤ︾ ︽ᠪᠦᠬᠦ ᠵᠢᠯ ᠤᠨ ᠰᠠᠶᠢᠨ ᠰᠠᠶᠢᠬᠠᠨ︾᠎ ᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ᠃ ᠲᠥᠷᠥᠯ ᠵᠦᠢᠯ ᠢ ᠲᠥᠯᠥᠪᠵᠢᠭᠦᠯᠦᠨ ᠨᠥᠭᠡᠴᠡᠯᠡᠬᠦ ᠶᠢ ᠵᠡᠷᠭᠡ ᠪᠠᠷ ᠴᠢᠩᠭᠠᠳᠬᠠᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠲᠣᠭᠤᠷᠢᠨ ᠳᠤ ᠨᠠᠷᠢᠯᠢᠭ ᠣᠨᠣᠴᠠᠲᠠᠶ ᠪᠠᠷ ᠠᠷᠠᠯᠵᠢᠶᠠᠴᠢᠨ ᠤᠷᠢᠬᠤ ᠶᠢ ᠥᠷᠨᠢᠭᠦᠯᠵᠦ᠂ ᠭᠡᠷ᠎ᠡ ᠲᠣᠭᠲᠠᠭᠠᠨ᠂ ᠪᠥᠲᠥᠭᠡᠨ ᠪᠠᠶᠢᠭᠤᠯᠵᠤ᠂ ᠨᠥᠭᠡᠴᠡᠯᠡᠬᠦ ᠰᠠᠶᠢᠨ ᠣᠷᠴᠢᠯ ᠢ ᠪᠦᠷᠢᠯᠳᠦᠭᠦᠯᠬᠦ ᠬᠡᠷᠡᠭᠲᠡᠶ ᠭᠡᠵᠦ ᠱᠠᠭᠠᠷᠳᠠᠪᠠ᠃ ᠬᠤᠷᠠᠯ ᠠᠴᠠ᠂ ᠦᠢᠯᠡᠴᠢᠯᠡᠭᠡᠨ ᠤ ᠦᠢᠯᠡᠰ ᠤᠨ ᠦᠷᠭᠦᠯᠵᠢᠯᠡᠨ ᠰᠡᠷᠭᠦᠬᠦ᠂ ᠡᠷᠡᠭᠦᠯ ᠢᠶᠠᠷ ᠬᠥᠭᠵᠢᠬᠦ ᠶᠢ ᠠᠬᠢᠭᠤᠯᠬᠤ ᠨᠢ ᠬᠡᠷᠡᠭᠯᠡᠭᠡ ᠶᠢ ᠳᠠᠶᠢᠴᠢᠯᠠᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢ ᠴᠢᠬᠤᠯᠠ ᠪᠠᠶᠢᠷᠢᠨ ᠳᠤ ᠲᠠᠯᠪᠢᠵᠤ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡᠨ᠂ ᠢᠳᠡᠭᠡᠨ ᠤᠮᠳᠠᠭᠠᠨ ᠵᠤᠭ᠎ᠠ ᠴᠡᠩᠭᠡᠯ᠂ ᠰᠣᠶᠣᠯ ᠵᠢᠭᠤᠯᠴᠢᠯᠠᠯ᠂ ᠴᠤᠭᠯᠠᠭᠠᠨ ᠦᠵᠡᠰᠬᠦᠯᠡᠩ ᠲᠣᠭᠯᠠᠯᠲᠠ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠳᠤ ᠴᠢᠭᠯᠡᠭᠦᠯᠦᠨ᠂ ᠬᠡᠷᠡᠭᠯᠡᠭᠡᠨ ᠤ ᠵᠠᠬ᠎ᠠ ᠳᠡᠯᠭᠡᠭᠦᠷ ᠢ ᠬᠥᠭᠵᠢᠶᠡᠨᠲᠡᠶ ᠪᠣᠯᠭᠠᠬᠤ᠂ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠬᠤ᠂ ᠦᠢᠯᠡᠴᠢᠯᠡᠭᠡᠨ ᠤ ᠬᠠᠮᠢᠶᠠᠷᠤᠯᠲᠠ ᠶᠢ ᠰᠠᠶᠢᠵᠢᠷᠠᠭᠤᠯᠬᠤ ᠪᠣᠳᠠᠲᠠᠶ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠵᠠᠳᠠᠯᠤᠨ᠂ ᠬᠢᠨᠠᠮᠠᠭᠠᠶ ᠰᠤᠳᠤᠯᠤᠨ ᠭᠠᠷᠭᠠᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠬᠡᠷᠡᠭᠯᠡᠭᠡ ᠶᠢ ᠰᠡᠷᠭᠦᠭᠡᠬᠦ ᠰᠠᠶᠢᠨ ᠰᠠᠶᠢᠬᠠᠨ ᠪᠠᠶᠢᠳᠠᠯ ᠢ ᠪᠠᠬᠢᠵᠢᠭᠦᠯᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠪᠡᠯᠡ ᠬᠤᠷᠠᠮᠳᠤᠭᠤᠯᠬᠤ ᠳᠤ ᠬᠦᠴᠢᠷ ᠪᠠᠶᠢᠬᠤ᠂ ᠡᠵᠡᠩᠨᠡᠯᠲᠡ ᠶᠢᠨ ᠥᠪᠡᠷ ᠤᠨ ᠦᠷᠳᠡᠭ ᠥᠨᠳᠥᠷ ᠪᠠᠶᠢᠬᠤ᠂ ᠪᠠᠷᠠᠭᠠᠨ ᠤ ᠭᠦᠢᠯᠭᠡᠭᠡ ᠶᠢᠨ ᠥᠪᠡᠷ ᠤᠨ ᠦᠷᠳᠡᠭ ᠥᠨᠳᠥᠷ ᠪᠠᠶᠢᠬᠤ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠪᠤᠶᠢᠵᠢᠯᠲᠠ ᠬᠦᠷᠦᠯᠴᠡᠬᠦ ᠦᠭᠡᠢ ᠪᠠᠶᠢᠬᠤ᠂ ᠵᠠᠬ᠎ᠠ ᠳᠡᠯᠭᠡᠭᠦᠷ ᠤᠨ ᠢᠵᠢᠯ ᠴᠢᠨᠠᠷ ᠢᠯᠡᠳᠲᠡ ᠪᠠᠶᠢᠬᠤ᠂ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠰᠢᠯᠢᠳᠡᠭ ᠪᠤᠰᠤ ᠪᠠᠶᠢᠬᠤ᠂ ᠠᠵᠢᠯ ᠤᠨ ᠦᠷ᠎ᠡ ᠪᠦᠲᠦᠮᠵᠢ ᠥᠨᠳᠥᠷ ᠪᠢᠰᠢ ᠪᠠᠶᠢᠬᠤ᠂ ᠲᠡᠷᠭᠡ ᠵᠣᠭᠰᠣᠭᠠᠬᠤ ᠳᠤ ᠬᠦᠴᠢᠷ ᠡᠮᠬᠢ ᠵᠠᠮᠪᠠᠷᠠᠭ᠎ᠠ ᠦᠭᠡᠢ ᠪᠠᠶᠢᠬᠤ᠂ ᠳᠥᠭᠦᠮ ᠳᠥᠲᠡ ᠪᠠᠷ ᠬᠠᠤᠯᠢ ᠬᠡᠷᠡᠭᠵᠢᠭᠦᠯᠬᠦ᠂ ᠲᠣᠷᠭᠠᠭᠤᠯᠢ ᠪᠠᠷ ᠬᠠᠮᠢᠶᠠᠷᠤᠯᠲᠠ ᠶᠢ ᠣᠷᠣᠯᠠᠭᠤᠯᠬᠤ ᠵᠡᠷᠭᠡ ᠬᠤᠳᠠᠯᠳᠤᠭᠠᠨ ᠤ ᠡᠷᠦᠬᠡ ᠶᠢᠨ ᠤᠯᠠᠨ ᠲᠦᠮᠡᠨ ᠤ ᠲᠤᠰᠬᠠᠯ ᠴᠢᠩᠭ᠎ᠠ ᠪᠠᠶᠢᠬᠤ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠬᠤᠳᠠᠯᠳᠤᠭᠠᠨ ᠤ ᠡᠷᠦᠬᠡ ᠶᠢᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ᠂ ᠬᠠᠯᠠᠭᠤᠮᠰᠤᠭ ᠢᠶᠠᠷ ᠦᠢᠯᠡᠴᠢᠯᠡᠬᠦ ᠶᠢ ᠬᠦᠲᠦᠯᠦᠨ ᠵᠢᠯᠣᠭᠤᠳᠴᠤ᠂ ᠤᠯᠠᠭᠠᠨᠬᠠᠳᠠ ᠶᠢᠨ ᠰᠠᠶᠢᠨ ᠰᠠᠶᠢᠬᠠᠨ ᠲᠦᠷᠢ ᠲᠥᠷᠬᠦ ᠶᠢ ᠬᠠᠮᠲᠤ ᠪᠠᠷ ᠬᠠᠮᠠᠭᠠᠯᠠᠬᠤ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠲᠠᠰᠤᠷᠠᠯᠲᠠ ᠥᠬᠡᠶ ᠪᠠᠲᠤᠳᠬᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠤᠨ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠰᠢᠯᠢᠳᠡᠭᠵᠢᠭᠦᠯᠦᠨ᠂ ᠦᠢᠯᠡᠴᠢᠯᠡᠭᠡᠨ ᠤ ᠬᠠᠮᠢᠶᠠᠷᠤᠯᠲᠠ ᠳᠤ ᠬᠥᠮᠥᠡᠯᠢᠭᠵᠢᠭᠦᠯᠬᠦ᠂ ᠨᠠᠷᠢᠯᠢᠭᠵᠢᠭᠤᠯᠬᠤ ᠶᠢ ᠨᠠᠩ ᠴᠢᠬᠤᠯᠠᠴᠢᠯᠠᠵᠤ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠨᠡᠨᠬᠦ ᠨᠠᠶᠢᠳᠠᠪᠤᠷᠢᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠬᠤᠳᠠᠯᠳᠤᠭᠠᠴᠢᠨ ᠡᠷᠦᠬᠡ ᠪᠠ ᠣᠯᠠᠨ ᠲᠦᠮᠡᠨ ᠳᠤ ᠳᠥᠭᠦᠮ ᠦᠵᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠣᠳᠣᠬᠠᠨ ᠳᠤ ᠪᠦᠬᠦ ᠬᠤᠳᠠ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠲᠦᠢᠯ ᠤᠨ ᠬᠦᠨᠳᠦ ᠪᠠᠶᠢᠨ᠎ᠠ᠂ ᠬᠤᠳᠠ ᠶᠢᠨ ᠲᠦᠷᠪᠡᠨ ᠶᠡᠭᠡ ᠤᠳᠤᠷᠢᠳᠬᠤ ᠪᠠᠭ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠡᠯ᠎ᠡ ᠰᠠᠯᠠᠭ᠎ᠠ ᠮᠥᠴᠢᠷ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ ᠤᠳᠤᠷᠢᠳᠬᠤ ᠪᠠᠭ ᠤᠨ ᠭᠡᠰᠢᠭᠦᠨ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠢᠳᠡᠪᠬᠢᠲᠡᠢ ᠠᠵᠢᠯᠯᠠᠵᠤ᠂ ᠺᠠᠳ᠋ᠷ ᠤᠨ ᠬᠠᠮᠢᠶᠠᠷᠤᠯᠲᠠ ᠪᠠᠨ ᠴᠢᠩᠭᠠᠳᠬᠠᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠡᠯ᠎ᠡ ᠱᠠᠲᠤᠨ ᠤ ᠺᠠᠳ᠋ᠷ ᠢ ᠪᠦᠯᠬᠦᠮᠳᠡᠭᠦᠯᠦᠨ ᠳᠠᠭᠠᠭᠤᠯᠵᠤ ᠬᠦᠴᠦᠯᠡᠨ ᠴᠢᠷᠮᠠᠶᠢᠵᠤ ᠪᠣᠳᠠᠲᠠᠢ ᠠᠵᠢᠯᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠯᠪᠣᠭᠳᠠᠯ ᠪᠦᠬᠦᠢ ᠳᠡᠳ᠋ ᠡᠷᠬᠢᠯᠡᠭᠴᠢ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ᠂ ᠬᠤᠲᠠ ᠶᠢᠨ ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠬᠤᠯᠪᠣᠭᠳᠠᠯ ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠵᠢᠴᠢ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠠᠷ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号