ᠸᠠᠩ ᠸᠠᠩ ᠱᠧᠩ ᠪᠦᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠬᠤᠰᠢᠭᠤ ᠰᠢᠶᠠᠨ ᠲᠣᠭᠤᠷᠢᠭ ᠤᠨ ︽ᠨᠢᠭᠡ ᠳᠤ ᠨᠢᠭᠡ︾ ᠶᠢᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/16
                  5 ᠰᠠᠷ᠎ᠠ ᠶᠢᠨ 10 ᠤ ᠡᠳᠦᠷ ᠠᠴᠠ 11 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠪᠥᠬᠦ ᠬᠤᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠤᠨ ᠬᠤᠰᠢᠭᠤ ᠰᠢᠶᠠᠨ ᠲᠣᠭᠤᠷᠢᠭ ᠤᠨ ︽ᠨᠢᠭᠡ ᠳᠤ ᠨᠢᠭᠡ︾ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ᠂ ᠬᠠᠷᠢᠭᠤ ᠮᠡᠳᠡᠭᠦᠯᠵᠦ ᠦᠨᠡᠯᠡᠯᠲᠡ ᠬᠢᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠡᠯ᠎ᠡ ᠬᠤᠰᠢᠭᠤ ᠰᠢᠶᠠᠨ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠠᠯᠠ ᠲᠠᠲᠠᠭᠰᠠᠨ ᠵᠡᠷᠭᠡ ᠪᠠᠶᠢᠳᠠᠯ ᠢ ᠨᠢᠭᠡᠳ ᠨᠢᠭᠡ ᠪᠠᠷ ᠠᠰᠠᠭᠤᠨ ᠯᠠᠪᠯᠠᠵᠤ᠂ ᠠᠷᠭ᠎ᠠ ᠵᠠᠮ ᠢ ᠰᠤᠳᠤᠯᠤᠨ ᠰᠢᠢᠳᠪᠦᠷᠢᠯᠡᠵᠦ᠂ ᠡᠯ᠎ᠡ ᠲᠥᠷᠥᠯ ᠤᠨ ᠬᠠᠷᠰᠢ ᠰᠠᠭᠠᠳ ᠢ ᠠᠷᠢᠯᠭᠠᠨ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠸᠠᠩ ᠸᠠᠩ ᠱᠧᠩ ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠨ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠬᠠᠷᠠᠯᠲᠠ ᠡᠭᠦᠷᠭᠡ ᠶᠢ ᠲᠣᠭᠲᠠᠭᠠᠵᠤ᠂ ᠡᠬᠡ ᠲᠠᠩᠰᠠ ᠪᠠᠷ ᠬᠠᠮᠢᠶᠠᠷᠬᠤ᠂ ᠲᠤᠬᠠᠶ ᠶᠢᠨ ᠲᠠᠯᠠᠪᠠᠶ ᠳᠤ ᠠᠬᠢᠭᠤᠯᠬᠤ ᠶᠢ ᠪᠠᠷᠢᠮᠲᠠᠯᠠᠨ᠂ ᠲᠣᠬᠢᠷᠠᠭᠤᠯᠤᠯᠲᠠ ᠬᠢᠬᠦ ᠳᠠᠪᠲᠠᠮᠵᠢ ᠤᠳᠠᠭ᠎ᠠ ᠶᠢ ᠨᠢᠭᠲᠠᠷᠠᠭᠤᠯᠵᠤ᠂ ᠪᠥᠬᠦ ᠬᠦᠴᠦᠨ ᠢᠶᠠᠷ ᠢᠶᠠᠨ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠠᠵᠢᠯ ᠤᠨ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠬᠦ ᠬᠡᠷᠡᠭᠲᠡᠶ᠃ ᠪᠠᠶᠢᠳᠠᠯ ᠢ ᠰᠡᠷᠭᠡᠭ ᠢᠶᠠᠷ ᠲᠠᠨᠢᠵᠤ᠂ ᠲᠤᠭ᠎ᠠ ᠪᠠᠷᠢᠮᠲᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠠᠵᠤ ᠠᠬᠤᠶ ᠶᠢᠨ ᠠᠵᠢᠯᠯᠠᠭᠠᠨ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠠᠳᠬᠤᠵᠤ᠂ ︽ᠬᠤᠤᠰ ᠬᠠᠭᠠᠰ︾ ᠤᠨ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠭᠤᠤᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠦᠨ᠂ ᠱᠠᠯᠠᠪᠳᠠᠨ ᠬᠢᠵᠦ᠂ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠨᠢᠭᠡᠳ ᠨᠢᠭᠡ ᠪᠠᠷ ᠨᠠᠶᠢᠳᠠᠪᠤᠷᠢᠵᠢᠭᠤᠯᠵᠤ᠂ ᠦᠨᠡᠨᠬᠦ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠶ᠃ ︽ᠭᠤᠷᠪᠠᠨ ᠠᠷᠪᠢᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠠᠵᠢᠯ ᠤᠨ ᠪᠦᠬᠦ ᠲᠠᠯ᠎ᠠ ᠪᠠᠷ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠸᠠᠩ ᠸᠠᠩ ᠱᠧᠩ ᠪᠠᠰᠠ ᠠᠶᠤᠯᠭᠦᠢ ᠦᠢᠯᠡᠳᠪᠦᠷᠢᠯᠡᠯ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠲᠢᠶᠠᠨ ᠴᠧᠨ ᠭᠤᠸᠠᠩ᠂ ᠵᠠᠩ ᠵᠢᠶ ᠺᠠᠩ᠂ ᠵᠣᠣ ᡁᠢ ᠭᠠᠩ᠂ ᠹᠦ᠋ ᠱᠸᠦ ᠯᠢ᠂ ᠵᠠᠩ ᠭᠦᠸᠧ ᠬᠤᠸᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号