ᠸᠠᠨ ᠴᠤᠤ ᠴᠢ ᠨᠢᠩᠴᠧᠩ ᠰᠢᠶᠠᠨ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/16
                 5 ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠨᠢᠩᠴᠧᠩ ᠰᠢᠶᠠᠨ ᠳᠤ ᠬᠦᠷᠴᠦ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠲᠥᠷᠥᠯ ᠵᠦᠢᠯ ᠢ ᠠᠳᠬᠤᠬᠤ᠂ ᠬᠥᠭᠵᠢᠯᠲᠡ ᠶᠢ ᠠᠬᠢᠭᠤᠯᠬᠤ ᠲᠤᠯᠭᠠᠮ ᠰᠡᠳᠬᠢᠯᠭᠡ ᠪᠣᠯᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠵᠦ᠂ ᠠᠵᠤ ᠠᠬᠤᠶ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠲᠠᠰᠤᠷᠠᠯᠲᠠ ᠥᠬᠡᠶ ᠪᠠᠬᠢᠵᠢᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠵᠥᠩ ᠲᠠᠩ ᠣᠨᠴᠠ ᠪᠣᠯᠤᠳ ᠤᠨ ᠬᠢᠵᠠᠭᠠᠷᠲᠤ ᠺᠣᠮᠫᠠᠨᠢ ᠳᠤ᠂ ᠸᠠᠨ ᠴᠤᠤ ᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠪᠣᠯᠤᠨ ᠲᠠᠷᠠᠭᠠᠴᠢ ᠶᠢᠨ ᠠᠯᠬᠤᠮ ᠤᠨ ᠲᠥᠯᠥᠪᠯᠡᠭᠡ ᠶᠢ ᠣᠶᠢᠯᠠᠭᠠᠨ᠂ ᠠᠵᠤ ᠠᠬᠤᠶᠢᠯᠠᠯ ᠤᠨ ᠬᠢᠨ ᠵᠠᠬ᠎ᠠ ᠳᠡᠯᠭᠡᠭᠦᠷ ᠤᠨ ᠪᠠᠶᠢᠳᠠᠯ ᠢ ᠴᠢᠩᠭ᠎ᠠ ᠠᠩᠬᠠᠷᠴᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ᠂ ᠬᠠᠮᠢᠶᠠᠷᠤᠯᠲᠠ ᠪᠠᠨ ᠴᠢᠩᠭᠠᠳᠬᠠᠬᠤ᠂ ᠥᠪᠡᠷ ᠤᠨ ᠥᠷᠲᠡᠭ ᠢ ᠠᠷᠪᠢᠯᠠᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠳᠠᠯᠳᠠ ᠬᠦᠴᠦᠨ ᠢᠶᠠᠨ ᠠᠭᠤᠳᠠᠯᠵᠤ᠂ ᠠᠰᠢᠭ ᠣᠯᠵᠠᠪᠤᠷᠢ ᠤᠯᠬᠤ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠬᠤ ᠶᠢ ᠬᠦᠰᠡᠪᠡ᠃ ᠮᠤᠵᠢ ᠶᠢᠨ ᠵᠠᠮ 219 ᠱᠤᠭᠤᠮ᠂ ᠾᠧ ᠷᠦᠨ ᠪᠠᠩ ᠠᠮᠢᠲᠠᠨ ᠤ ᠰᠢᠮ᠎ᠡ ᠲᠡᠵᠢᠭᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠵᠢᠯ ᠳᠤ 10 ᠲᠦᠮᠡᠨ ᠲᠣᠨ ᠪᠣᠷᠳᠤᠭ᠎ᠠ ᠶᠢᠨ ᠲᠠᠰ ᠤᠨ ᠹᠣᠰᠹᠣᠷ ᠬᠦᠴᠢᠯ ᠤᠨ ᠨᠢᠭᠡ ᠬᠤᠶᠠᠷ ᠺᠠᠯᠼ ᠦᠢᠯᠡᠳᠪᠦᠷᠢᠯᠡᠬᠦ᠂ ᠴᠢᠨ ᠹᠧᠩ ᠬᠡᠶ ᠪᠡᠶᠡᠲᠦ ᠶᠢᠨ ᠬᠢᠵᠠᠭᠠᠷᠲᠤ ᠺᠣᠮᠫᠠᠨᠢ ᠶᠢᠨ ᠵᠢᠯ ᠳᠤ 24 ᠲᠦᠮᠡᠨ ᠲᠣᠨ ᠰᠢᠩᠭᠡᠨ ᠰᠢᠪᠲᠦᠷ ᠦᠢᠯᠡᠳᠪᠦᠷᠢᠯᠡᠬᠦ᠂ LNG 17 ᠲᠦᠮᠡᠨ ᠲᠣᠨ ᠬᠡᠤᠷᠡᠰᠦᠨ ᠵᠤᠤᠬ᠎ᠠ ᠶᠢᠨ ᠨᠡᠭᠦᠷᠡᠰᠦᠨ ᠬᠡᠶ ᠶᠢ ᠶᠡᠷᠦᠩᠬᠡᠶᠢᠯᠡᠨ ᠠᠰᠢᠭᠯᠠᠬᠤ᠂ ᠬᠤᠸᠠ ᠾᠧᠩ ᠨᠡᠶᠢᠯᠡᠮᠡᠯ ᠠᠮᠢᠳᠤ ᠪᠣᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠠᠮᠢᠳᠤ ᠪᠣᠳᠠᠰ ᠤᠨ ᠰᠠᠭᠤᠷᠢ ᠮᠠᠲ᠋ᠧᠷᠢᠶᠠᠯ ᠵᠢᠴᠢ ᠵᠢᠶ ᠣᠣ ᠶᠢᠨ ᠴᠡᠪᠡᠷ ᠨᠣᠭᠤᠭ᠎ᠠ ᠪᠣᠯᠪᠠᠰᠤᠷᠠᠭᠤᠯᠬᠤ ᠠᠵᠤ ᠦᠢᠯᠡᠰ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ᠂ ᠸᠠᠨ ᠴᠤᠤ ᠴᠢ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠥᠷᠥᠯ ᠵᠦᠢᠯ ᠢ ᠠᠬᠢᠭᠤᠯᠬᠤ ᠳᠤ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠣᠶᠢᠯᠠᠭᠠᠨ᠂ ᠠᠵᠤ ᠠᠬᠤᠶᠢᠯᠠᠯᠲᠠᠳ ᠠᠴᠠ ᠮᠠᠨ ᠤ ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠤ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠵᠤ᠂ ᠲᠤᠬᠠᠶ ᠶᠢᠨ ᠭᠠᠵᠠᠷ ᠤᠨ ᠬᠢᠨ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠂ ᠲᠥᠷᠥᠯ ᠵᠦᠢᠯ ᠤᠨ ᠴᠢᠨᠠᠷ ᠰᠠᠶᠢᠲᠠᠶ ᠥᠨᠳᠥᠷ ᠪᠦᠲᠦᠮᠵᠢᠲᠡᠶ ᠠᠭᠢᠬᠤ ᠶᠢ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ ᠃ ᠸᠠᠨ ᠴᠤᠤ ᠴᠢ᠂ ᠨᠢᠩᠴᠧᠩ ᠰᠢᠶᠠᠨ ᠨᠢ ᠮᠠᠨ ᠤ ᠬᠤᠲᠠ ᠳᠤ ᠠᠵᠤ ᠦᠢᠯᠡᠳᠪᠦᠷᠢ ᠶᠢᠨ ᠠᠵᠤ ᠠᠬᠤᠶ ᠶᠢ ᠶᠡᠬᠡᠪᠡᠷ ᠬᠥᠭᠵᠢᠭᠦᠯᠬᠦ᠂ ᠲᠠᠷᠢᠶᠠᠯᠠᠩ ᠮᠠᠯ ᠠᠵᠤ ᠠᠬᠤᠶ ᠶᠢᠨ ᠬᠦᠴᠦᠷᠬᠡᠭ ᠬᠤᠲᠠ ᠶᠢ ᠪᠠᠶᠢᠭᠤᠯᠬᠤ ᠪᠠ ᠥᠪᠥᠷ ᠮᠣᠩᠭᠤᠯ ᠤᠨ ᠵᠡᠭᠦᠨ ᠣᠷᠤᠨ ᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠠᠬᠢᠴᠠ ᠳᠤᠮᠳᠠ ᠴᠢᠬᠤᠯᠠ ᠪᠠᠶᠢᠷᠢ ᠶᠢ ᠡᠵᠡᠯᠡᠵᠦ ᠪᠠᠶᠢᠨ᠎ᠠ᠂ ᠵᠠᠪᠠᠯ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠭᠤᠤᠯ ᠪᠣᠯᠭᠠᠬᠤ ᠦᠵᠡᠯ ᠰᠠᠨᠠᠭ᠎ᠠ ᠶᠢ ᠴᠢᠩᠭᠠᠳᠬᠠᠨ᠂ ᠪᠥᠬᠦ ᠬᠤᠲᠠ ᠶᠢᠨ ᠣᠷᠣᠨ ᠪᠠᠶᠢᠷᠢ ᠪᠠᠷ ᠬᠠᠮᠤᠭ ᠤᠨ ᠰᠢᠯᠢᠳᠡᠭ᠂ ᠶᠡᠷᠦᠩᠬᠡᠶᠢᠯᠡᠭᠰᠡᠨ ᠨᠥᠬᠦᠴᠡᠯ ᠢᠶᠠᠷ ᠬᠠᠮᠤᠭ ᠤᠨ ᠰᠠᠶᠢᠨ᠂ ᠬᠥᠮᠦᠨ ᠤ ᠬᠦᠴᠦᠨ ᠤ ᠡᠬᠢ ᠪᠠᠶᠠᠯᠢᠭ ᠢᠶᠠᠷ ᠬᠠᠮᠤᠭ ᠤᠨ ᠭᠦᠢᠴᠡᠳ ᠳᠠᠪᠠᠭᠤᠯᠢᠭ ᠢᠶᠠᠨ ᠪᠠᠳᠠᠷᠠᠭᠤᠯᠵᠤ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠂ ᠰᠢᠶᠠᠨ ᠤ ᠬᠡᠪᠴᠢᠶᠡᠨ ᠤ ᠠᠵᠤ ᠠᠬᠤᠶ ᠶᠢᠨ ᠪᠣᠳᠠᠲᠤ ᠬᠦᠴᠦᠨ ᠢ ᠳᠡᠭᠡᠭᠰᠢᠯᠡᠭᠦᠯᠬᠦ ᠬᠡᠷᠡᠭᠲᠡᠶ᠃ ᠴᠢᠬᠤᠯᠠ ᠶᠡᠭᠡ ᠲᠥᠷᠥᠯ ᠵᠦᠢᠯ ᠂ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠨ᠂ ᠦᠢᠯᠡᠳᠬᠦᠨ ᠤ ᠥᠷᠲᠡᠭ ᠢ ᠳᠡᠭᠡᠭᠰᠢᠯᠡᠭᠦᠯᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠪᠤᠵᠠᠭᠠᠶᠢᠷᠠᠭᠤᠯᠬᠤ ᠬᠡᠷᠡᠭᠲᠡᠶ᠃ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠪᠠ ᠵᠣᠯᠭᠠᠭᠤᠯᠬᠤ ᠭᠤᠤᠯᠳᠠᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠣᠨᠣᠴᠠᠲᠠᠶ ᠪᠠᠷ ᠠᠷᠠᠯᠵᠢᠶᠠᠴᠢᠨ ᠤᠷᠢᠬᠤ ᠶᠢ ᠦᠷᠭᠦᠯᠵᠢᠯᠡᠨ ᠥᠷᠨᠢᠭᠦᠯᠬᠦ ᠬᠡᠷᠡᠭᠲᠡᠶ᠃ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠤᠷᠢᠳᠴᠢᠯᠠᠨ ᠦᠢᠯᠡᠴᠢᠯᠡᠵᠦ᠂ ᠶᠠᠰᠤ ᠴᠢᠨᠠᠷ᠂ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠡᠩ ᠤᠯᠠᠨ ᠠᠵᠤ ᠠᠬᠤᠶᠢᠯᠠᠯ ᠤᠨ ᠨᠢᠩᠴᠧᠩ ᠳᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠬᠤ ᠶᠢ ᠲᠠᠲᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠲᠠ ᠶᠢᠨ ᠤᠳᠤᠷᠢᠳᠤᠯᠭ᠎ᠠ ᠮᠧᠩ ᠰᠢᠶᠤᠤ ᠪᠢᠩ᠂ ᠵᠣᠣ ᡁᠢ ᠭᠠᠩ᠂ ᠹᠦ᠋ ᠱᠸᠦ ᠯᠢ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠷ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号