ᠸᠠᠩ ᠸᠠᠩ ᠱᠧᠩ ᠥᠪᠥᠷ ᠮᠣᠩᠭᠤᠯ ᠤᠨ ᠸᠧᠨᠵᠸᠣ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠽᠧᠦ ᠵᠤᠤ ᠪᠥᠸᠧ ᠨᠠᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2023/5/16
                   5 ᠰᠠᠷ᠎ᠠ ᠶᠢᠨ 6 ᠤ ᠡᠳᠦᠷ᠂ ᠥᠪᠥᠷ ᠮᠣᠩᠭᠤᠯ ᠤᠨ ᠸᠧᠨᠵᠸᠤ ᠶᠢᠨ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠽᠧᠦ ᠵᠣᠣ ᠪᠥᠸᠧ 17 ᠠᠵᠤ ᠠᠬᠤᠶᠢᠯᠠᠯ ᠢ ᠳᠠᠭᠠᠭᠤᠯᠤᠨ ᠮᠠᠨ ᠤ ᠬᠤᠲᠠ ᠳᠤ ᠢᠷᠡᠵᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠭᠦᠨᠵᠡᠭᠡᠢ ᠵᠥᠪᠳᠡᠯᠴᠡᠪᠡ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ ᠽᠧᠦ ᠵᠤᠤ ᠪᠥᠸᠧ ᠨᠠᠷ ᠲᠠᠢ ᠠᠭᠤᠯᠵᠠᠪᠠ᠃ ᠸᠠᠩ ᠸᠠᠩ ᠱᠧᠩ ᠸᠧᠨᠵᠸᠤ ᠶᠢᠨ ᠬᠤᠳᠠᠯᠳᠤᠭᠠᠴᠢᠳ ᠤᠨ ᠡᠪᠯᠡᠯ ᠤᠨ ᠬᠤᠳᠠᠯᠳᠤᠭᠠᠴᠢᠨ ᠤᠯᠠᠭᠠᠨᠬᠠᠳᠠ ᠳᠤ ᠰᠢᠨᠵᠢᠯᠡᠨ ᠪᠠᠶᠢᠴᠠᠭᠠᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠤᠯᠠᠭᠠᠨᠬᠠᠳᠠ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠣᠪᠴᠢ ᠲᠠᠨᠢᠯᠴᠠᠭᠤᠯᠪᠠ᠃ ᠸᠠᠩ ᠸᠠᠩ ᠱᠧᠩ᠂ ᠣᠳᠣᠬᠠᠨ ᠳᠤ ᠤᠯᠠᠭᠠᠨᠬᠠᠳᠠ ᠬᠤᠳᠠ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠷᠮᠠᠶᠢᠨ ᠪᠡᠶᠡᠯᠡᠭᠦᠯᠬᠦ ᠪᠠᠷ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠠᠳᠬᠤᠨ᠂ ᠰᠢᠨ᠎ᠡ ᠡᠨᠧᠷᠭᠢ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠣᠶᠤᠨᠴᠢ ᠦᠢᠯᠡᠳᠬᠡᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠠᠵᠤ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠵᠤ ᠪᠣᠢ᠂ ᠡᠯ᠎ᠡ ᠠᠵᠤ ᠠᠬᠤᠶᠢᠯᠠᠯᠲᠠᠳ ᠪᠣᠳᠠᠲᠤ ᠬᠦᠴᠦᠨ ᠢᠶᠠᠷ ᠴᠢᠩᠭ᠎ᠠ᠂ ᠲᠤᠬᠠᠶᠢᠯᠠᠭᠰᠠᠨ ᠠᠵᠢᠯ ᠥᠷᠭᠡᠨ ᠳᠡᠯᠭᠡᠷ᠂ ᠤᠯᠠᠭᠠᠨᠬᠠᠳᠠ ᠯᠤᠭ᠎ᠠ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠂ ᠥᠪᠥᠷ ᠮᠣᠩᠭᠤᠯ ᠤᠨ ᠸᠧᠨᠵᠸᠤ ᠶᠢᠨ ᠬᠤᠳᠠᠯᠳᠤᠭᠠᠴᠢᠳ ᠤᠨ ᠡᠪᠯᠡᠯ ᠤᠨ ᠬᠤᠳᠠᠯᠳᠤᠭᠠᠴᠢᠨ ᠪᠠ ᠠᠵᠤ ᠠᠬᠤᠶᠢᠯᠠᠯ ᠤᠨ ᠤᠯᠠᠭᠠᠨᠬᠠᠳᠠ ᠳᠤ ᠪᠡᠯᠡ ᠣᠷᠣᠭᠤᠯᠵᠤ᠂ ᠢᠷᠡᠭᠡᠳᠦᠢ ᠪᠠᠨ ᠬᠠᠮᠲᠤᠪᠠᠷ ᠴᠣᠭᠴᠠᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠤᠯᠠᠭᠠᠨᠬᠠᠳᠠ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯᠲᠠᠳ ᠤᠨ ᠰᠠᠨᠠᠭ᠎ᠠ ᠠᠮᠤᠷ ᠪᠡᠯᠡ ᠣᠷᠣᠭᠤᠯᠬᠤ᠂ ᠰᠠᠨᠠᠭ᠎ᠠ ᠠᠮᠤᠷ ᠡᠵᠡᠩᠨᠡᠬᠦ ᠳᠤ ᠥᠨᠳᠥᠷ ᠪᠦᠲᠦᠮᠵᠢᠲᠡᠢ ᠪᠦᠷᠢᠨ ᠭᠦᠢᠴᠡᠳ ᠦᠢᠯᠡᠴᠢᠯᠡᠭᠡ ᠪᠣᠯᠣᠨ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃ ᠡᠭᠦᠨ ᠤ ᠬᠠᠮᠲᠤ᠂ ᠥᠪᠥᠷ ᠮᠣᠩᠭᠤᠯ ᠤᠨ ᠸᠧᠨᠵᠸᠤ ᠶᠢᠨ ᠬᠤᠳᠠᠯᠳᠤᠭᠠᠴᠢᠳ ᠤᠨ ᠡᠪᠯᠡᠯ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠤᠨ᠂ ᠤᠯᠠᠭᠠᠨᠬᠠᠳᠠ ᠶᠢ ᠰᠠᠶᠢᠲᠤᠷ ᠤᠬᠠᠭᠤᠯᠤᠨ ᠲᠠᠨᠢᠯᠴᠠᠭᠤᠯᠵᠤ᠂ ᠨᠡᠩ ᠤᠯᠠᠨ ᠠᠵᠤ ᠠᠬᠤᠶᠢᠯᠠᠯᠲᠠᠨ ᠢ ᠤᠯᠠᠭᠠᠨᠬᠠᠳᠠ ᠳᠤ ᠢᠷᠡᠭᠦᠯᠦᠨ᠂ ᠤᠯᠠᠭᠠᠨᠬᠠᠳᠠ ᠶᠢ ᠣᠶᠢᠯᠠᠭᠠᠨ᠂ ᠤᠯᠠᠭᠠᠨᠬᠠᠳᠠ ᠳᠤ ᠪᠡᠯᠡ ᠣᠷᠣᠭᠤᠯᠬᠤ ᠶᠢ ᠬᠦᠰᠡᠵᠦ ᠪᠠᠶᠢᠨ᠎ᠠ ᠭᠡᠪᠡ᠃ ᠽᠧᠦ ᠵᠣᠣ ᠪᠥᠸᠧ᠂ ᠤᠯᠠᠭᠠᠨᠬᠠᠳᠠ ᠬᠤᠲᠠ ᠶᠢᠨ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠰᠠᠶᠢᠨ᠂ ᠠᠵᠤ ᠦᠢᠯᠡᠰ ᠤᠨ ᠰᠠᠭᠤᠷᠢ ᠳᠠᠪᠠᠭᠤᠯᠢᠭ᠂ ᠠᠵᠢᠯ ᠬᠢᠵᠦ ᠦᠢᠯᠡᠰ ᠴᠣᠭᠴᠠᠯᠠᠬᠤ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ᠢᠯᠠᠩᠭᠤᠶ᠎ᠠ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠨᠢ ᠬᠤᠳᠠᠯᠳᠤᠭᠠᠴᠢᠳ ᠤᠨ ᠡᠪᠯᠡᠯ ᠤᠨ ᠬᠤᠳᠠᠯᠳᠤᠭᠠᠴᠢᠨ ᠪᠠ ᠠᠵᠤ ᠠᠬᠤᠶᠢᠯᠠᠯ ᠤᠨ ᠢᠷᠡᠭᠡᠳᠦᠢ ᠶᠢᠨ ᠬᠥᠭᠵᠢᠯᠲᠡ ᠶᠢᠨ ᠠᠯᠤᠰ ᠤᠨ ᠲᠥᠯᠥᠪ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠥᠪᠥᠷ ᠮᠣᠩᠭᠤᠯ ᠤᠨ ᠸᠧᠨᠵᠸᠤ ᠶᠢᠨ ᠬᠤᠳᠠᠯᠳᠤᠭᠠᠴᠢᠳ ᠤᠨ ᠡᠪᠯᠡᠯ ᠨᠢ ᠬᠤᠳᠠᠯᠳᠤᠭᠠᠴᠢᠳ ᠤᠨ ᠡᠪᠯᠡᠯ ᠤᠨ ᠲᠠᠪᠴᠠᠩ ᠤᠨ ᠳᠠᠪᠠᠭᠤᠯᠢᠭ ᠪᠣᠯᠣᠨ ᠬᠥᠲᠥᠯᠥᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠡᠩ ᠤᠯᠠᠨ ᠠᠵᠤ ᠠᠬᠤᠶᠢᠯᠠᠯ ᠤᠨ ᠤᠯᠠᠭᠠᠨᠬᠠᠳᠠ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠳᠠᠶᠢᠴᠢᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠵᠠᠩ ᠵᠢᠢ ᠺᠠᠩ᠂ ᠬᠤᠲᠠ ᠶᠢᠨ ᠳᠡᠳ᠋ ᠳᠠᠷᠤᠭ᠎ᠠ ᠵᠣᠣ ᡁᠢ ᠭᠠᠩ᠂ ᠹᠦ᠋ ᠱᠧᠦ ᠯᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠵᠢᠴᠢ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠣᠩᠨᠢᠭᠤᠳ ᠬᠤᠰᠢᠭᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠠᠷ ᠠᠭᠤᠯᠵᠠᠯᠲᠠ ᠳᠤ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号