ᠸᠠᠨ ᠴᠤᠤ ᠴᠢ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠳᠤ ᠠᠶᠢᠯᠴᠢᠯᠠᠬᠤ ᠶᠢᠨ ᠬᠠᠮᠲᠤ ᠴᠢᠳᠠᠪᠤᠷᠢᠲᠠᠨ ᠢ ᠲᠠᠲᠠᠨ ᠠᠪᠴᠢᠷᠠᠬᠤ ᠪᠠ ᠣᠷᠣᠨ ᠨᠤᠲᠤᠭ ᠪᠠ ᠰᠤᠷᠭᠠᠭᠤᠯᠢ ᠶᠢᠨ ᠬᠠᠮᠲᠤᠷᠠᠯᠴᠠᠭ᠎ᠠ ᠶᠢᠨ ᠲᠤᠬᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/5/16
                   4 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠪᠦᠯᠬᠦᠮ ᠳᠠᠭᠠᠭᠤᠯᠤᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠳᠤ ᠬᠦᠷᠴᠦ᠂ ᠴᠢᠳᠠᠪᠤᠷᠢᠲᠠᠨ ᠢ ᠲᠠᠲᠠᠨ ᠠᠪᠴᠢᠷᠠᠬᠤ ᠪᠠ ᠣᠷᠣᠨ ᠨᠤᠲᠤᠭ ᠪᠠ ᠰᠤᠷᠭᠠᠭᠤᠯᠢ ᠶᠢᠨ ᠬᠠᠮᠲᠤᠷᠠᠯᠴᠠᠭᠠᠨ ᠤ ᠤᠴᠢᠷ ᠶᠠᠪᠤᠳᠠᠯ ᠢ ᠵᠣᠯᠭᠠᠭᠤᠯᠤᠨ ᠶᠠᠷᠢᠯᠴᠠᠭᠰᠠᠨ ᠪᠥᠭᠡᠳ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠳᠡᠳ᠋ ᠱᠦᠵᠢ ᠶᠢᠨ ᠳ᠋ᠧ ᠫᠧᠩ ᠲᠠᠢ ᠶᠠᠷᠢᠯᠴᠠᠪᠠ᠃ ᠸᠠᠨ ᠴᠤᠤ ᠴᠢ᠂ ᠤᠯᠠᠭᠠᠨᠬᠠᠳᠠ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠢᠭᠡ ᠪᠦᠯᠦᠭ ᠴᠢᠨᠠᠷ ᠰᠠᠶᠢᠲᠠᠢ ᠴᠢᠳᠠᠪᠤᠷᠢᠲᠠᠨ ᠲᠤᠯᠭᠠᠮ᠎ᠠ ᠱᠠᠭᠠᠷᠳᠠᠭᠳᠠᠵᠤ᠂ ᠠᠵᠤ ᠦᠢᠯᠡᠰ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠬᠡᠪᠡᠷ ᠴᠢᠩᠭᠠᠳᠬᠠᠬᠤ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠴᠢᠳᠠᠪᠤᠷᠢᠲᠠᠨ ᠬᠤᠷᠠᠨ ᠴᠤᠭᠯᠠᠷᠠᠵᠤ᠂ ᠬᠠᠮᠤᠷᠬᠤ ᠬᠡᠪᠴᠢᠶ᠎ᠡ ᠨᠢ ᠥᠷᠭᠡᠨ᠂ ᠰᠢᠨ᠎ᠡ ᠶᠢ ᠡᠭᠦᠳᠬᠦ ᠴᠢᠳᠠᠪᠤᠷᠢ ᠪᠠᠷ ᠴᠢᠩᠭ᠎ᠠ ᠪᠠᠶᠢᠵᠤ᠂ ᠤᠯᠠᠭᠠᠨᠬᠠᠳᠠ ᠶᠢᠨ ᠬᠥᠭᠵᠢᠯᠲᠡ ᠶᠢᠨ ᠬᠡᠷᠡᠭᠴᠡᠭᠡ ᠳᠤ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠬᠠᠷᠢᠯᠴᠠᠭ᠎ᠠ ᠪᠠᠨ ᠴᠢᠩᠭᠠᠳᠬᠠᠵᠤ᠂ ᠨᠢᠭᠲᠠ ᠬᠠᠮᠲᠤᠷᠠᠯᠴᠠᠬᠤ ᠬᠠᠷᠢᠴᠠᠭ᠎ᠠ ᠪᠠᠶᠢᠭᠤᠯᠬᠤ ᠶᠢ ᠬᠦᠰᠡᠵᠦ ᠪᠠᠶᠢᠨ᠎ᠠ᠃ ᠤᠯᠠᠭᠠᠨᠬᠠᠳᠠ ᠬᠤᠲᠠ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠠᠪᠴᠤ᠂ ᠴᠢᠳᠠᠪᠤᠷᠢᠲᠠᠨ ᠪᠣᠯᠣᠨ ᠰᠢᠨ᠎ᠡ ᠶᠢ ᠡᠭᠦᠳᠬᠦ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠨᠡᠩ ᠣᠯᠠᠨ ᠴᠢᠳᠠᠪᠤᠷᠢᠲᠠᠨ ᠪᠠ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠲᠠᠰᠤᠷᠠᠯᠲᠠ ᠦᠭᠡᠢ ᠴᠣᠯᠭᠤᠷᠠᠨ ᠭᠠᠷᠬᠤ ᠶᠢ ᠵᠣᠷᠢᠭᠵᠢᠭᠤᠯᠵᠤ᠂ ᠵᠠᠯᠠᠭᠤ ᠰᠤᠷᠤᠭᠴᠢᠳ ᠢ ᠬᠥᠮᠥᠵᠢᠭᠦᠯᠬᠦ᠂ ᠳᠡᠭᠡᠳᠦ ᠲᠡᠰ ᠤᠨ ᠴᠢᠳᠠᠪᠤᠷᠢᠲᠠᠨ ᠢ ᠲᠠᠲᠠᠨ ᠠᠪᠴᠢᠷᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠠᠶᠢᠭᠤᠯᠬᠤ᠂ ᠰᠤᠳᠤᠯᠭᠠᠨ ᠤ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠬᠤ᠂ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠵᠢᠭᠠᠨ ᠰᠤᠷᠭᠠᠯᠲᠠ ᠶᠢᠨ ᠰᠤᠳᠤᠯᠭᠠᠨ ᠪᠠ ᠨᠡᠶᠢᠭᠡᠮ ᠤᠨ ᠦᠢᠯᠡᠳᠦᠯᠭᠡ ᠶᠢᠨ ᠰᠠᠭᠤᠷᠢᠨ ᠢ ᠪᠠᠶᠢᠭᠤᠯᠬᠤ ᠵᠡᠷᠭᠡ ᠲᠠᠯ᠎ᠠ ᠪᠠᠷ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠬᠦᠴᠦᠲᠡᠢ ᠳᠡᠮᠵᠢᠯᠭᠡ ᠪᠠ ᠬᠦᠴᠦᠲᠡᠢ ᠠᠬᠢᠭᠤᠯᠤᠯᠲᠠ ᠶᠢ ᠣᠯᠵᠤ᠂ ᠰᠤᠷᠭᠠᠭᠤᠯᠢ ᠶᠢᠨ ᠴᠢᠳᠠᠪᠤᠷᠢᠲᠠᠨ ᠢ ᠬᠥᠮᠥᠵᠢᠭᠦᠯᠬᠦ ᠪᠠ ᠣᠷᠣᠨ ᠨᠤᠲᠤᠭ ᠤᠨ ᠠᠵᠤ ᠦᠢᠯᠡᠰ ᠤᠨ ᠬᠥᠭᠵᠢᠯᠲᠡ ᠶᠢᠨ ᠬᠤᠣᠰ ᠴᠢᠭᠯᠡᠯ ᠤᠨ ᠠᠬᠢᠭᠤᠯᠤᠯᠲᠠ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃  ᠶᠢᠨ ᠳ᠋ᠧ ᠫᠧᠩ᠂ ᠸᠠᠨ ᠴᠤᠤ ᠴᠢ ᠨᠠᠷ ᠤᠨ ᠢᠷᠡᠭᠰᠡᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠮᠠᠨ ᠤ ᠬᠤᠳᠠ ᠶᠢᠨ ᠳᠤᠷᠠᠳᠤᠭᠰᠠᠨ ᠬᠠᠮᠲᠤᠷᠠᠯᠴᠠᠭᠠᠨ ᠤ ᠰᠠᠨᠠᠭᠤᠯᠭ᠎ᠠ ᠳᠤ ᠢᠳᠡᠪᠬᠢᠲᠡᠢ ᠬᠠᠷᠢᠭᠤᠯᠲᠠ ᠥᠭᠴᠡᠢ᠃ ᠲᠡᠷᠡ᠂ ᠤᠯᠠᠭᠠᠨᠬᠠᠳᠠ ᠬᠤᠳᠠ ᠶᠢᠨ ᠬᠥᠭᠵᠢᠯᠲᠡ ᠶᠢᠨ ᠢᠷᠡᠭᠡᠳᠦᠢ ᠥᠷᠭᠡᠨ ᠠᠭᠤᠳᠠᠮ ᠪᠠᠶᠢᠨ᠎ᠠ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠶᠡᠭᠡ ᠰᠤᠷᠭᠠᠭᠤᠯᠢ ᠠᠴᠠ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠢᠳᠡᠪᠬᠢᠲᠡᠢ ᠴᠢᠩᠭᠠᠳᠬᠠᠵᠤ᠂ ᠤᠯᠠᠭᠠᠨᠬᠠᠳᠠ ᠬᠤᠳᠠ ᠲᠠᠢ ᠨᠢᠭᠲᠠ ᠵᠣᠬᠢᠴᠠᠭᠤᠯᠤᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠎ᠠ᠃ ᠤᠯᠠᠭᠠᠨᠬᠠᠳᠠ ᠬᠤᠳᠠ ᠶᠢᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠶᠡᠭᠡ ᠰᠤᠷᠭᠠᠭᠤᠯᠢ ᠳᠤ ᠬᠦᠷᠴᠦ ᠴᠢᠳᠠᠪᠤᠷᠢᠲᠠᠨ ᠡᠯᠰᠡᠵᠦ ᠣᠷᠣᠭᠤᠯᠬᠤ ᠶᠢ ᠲᠡᠮᠵᠢᠵᠤ᠂ ᠰᠤᠷᠭᠠᠭᠤᠯᠢ ᠳᠤ ᠪᠠᠶᠢᠭ᠎ᠠ ᠪᠠᠭᠰᠢ ᠰᠤᠷᠤᠬᠴᠢ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠤᠯᠠᠭᠠᠨᠬᠠᠳᠠ ᠳᠤ ᠬᠦᠷᠴᠦ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠬᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢᠶᠠᠨ ᠬᠤᠪᠢᠷᠠᠭᠤᠯᠬᠤ᠂ ᠨᠡᠶᠢᠭᠡᠮ ᠤᠨ ᠦᠢᠯᠡᠳᠦᠯᠭᠡ ᠳᠤ ᠣᠷᠤᠯᠴᠠᠬᠤ ᠂ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠭᠦᠨᠵᠡᠭᠡᠢ ᠰᠤᠳᠤᠯᠬᠤ᠂ ᠠᠵᠤ ᠦᠢᠯᠡᠰ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠠᠢ ᠠᠷᠭ᠎ᠠ ᠵᠠᠮ ᠢ ᠠᠬᠢᠭᠤᠯᠬᠤ ᠶᠢ ᠵᠣᠷᠢᠭᠵᠢᠭᠤᠯᠵᠤ᠂ ᠤᠯᠠᠭᠠᠨᠬᠠᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ᠃ ᠲᠡᠷᠡ ᠪᠠᠰᠠ ᠪᠣᠳᠠᠲᠠᠢ ᠤᠴᠢᠷ ᠶᠠᠪᠤᠳᠠᠯ ᠢ ᠨᠠᠶᠢᠳᠠᠪᠤᠷᠢᠵᠢᠭᠤᠯᠬᠤ ᠲᠠᠯ᠎ᠠ ᠪᠠᠷ ᠰᠤᠷᠭᠠᠭᠤᠯᠢ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ  ᠢ ᠲᠤᠰᠬᠠᠢ ᠬᠥᠮᠥᠨ ᠲᠣᠬᠢᠷᠠᠭᠤᠯᠤᠨ ᠵᠣᠯᠭᠠᠭᠤᠯᠵᠤ᠂ ᠵᠥᠪᠯᠡᠨ ᠲᠣᠭᠲᠠᠭᠠᠭᠰᠠᠨ ᠤᠴᠢᠷ ᠶᠠᠪᠤᠳᠠᠯ ᠢ ᠦᠨᠡᠨᠬᠦ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠵᠠᠢ᠃ ᠶᠠᠷᠢᠯᠴᠠᠬᠤ ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠴᠢᠶᠣᠤ ᠢᠦᠢ ᡂᠢ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠴᠢᠳᠠᠪᠤᠷᠢᠲᠠᠨ ᠤ ᠠᠵᠢᠯ ᠤᠨ ᠪᠠᠶᠢᠳᠠᠯ ᠢ ᠲᠠᠨᠢᠯᠴᠠᠭᠤᠯᠵᠤ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠯᠢ ᠵᠢᠩ ᠵᠢᠩ ᠬᠤᠯᠪᠣᠭᠳᠠᠯ ᠪᠦᠬᠦᠢ ᠬᠠᠮᠲᠤᠷᠠᠯᠴᠠᠭᠠᠨ ᠤ ᠱᠠᠭᠠᠷᠳᠠᠯᠭ᠎ᠠ ᠶᠢ ᠳᠤᠷᠠᠳᠴᠠᠢ ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠲᠠᠨ ᠬᠤᠩ ᠵᠢᠶᠦ᠋ᠨ᠂ ᠰᠤᠷᠭᠠᠭᠤᠯᠢ ᠶᠢᠨ ᠵᠠᠬᠢᠷᠤᠯ ᠤᠨ ᠲᠤᠰᠠᠯᠠᠭᠴᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠳᠠᠷᠤᠭ᠎ᠠ ᠯᠢᠨ ᠰᠢᠶᠣᠣ᠂ ᠨᠠᠮ ᠵᠠᠰᠠᠭ ᠤᠨ ᠠᠯᠪᠠᠨ ᠭᠡᠷ ᠤᠨ ᠡᠷᠬᠢᠯᠡᠭᠴᠢ ᠯᠢ ᠶᠢᠨ ᠵᠦ᠂ ᠡᠪᠯᠡᠯ ᠤᠨ ᠬᠤᠷᠢᠶᠠᠨ ᠤ ᠱᠦᠵᠢ ᠴᠧᠨ ᠷᠦᠢ᠂ ᠰᠢᠨ᠎ᠡ ᠶᠢ ᠡᠭᠦᠳᠬᠦ ᠦᠢᠯᠡᠰ ᠴᠣᠭᠴᠠᠯᠠᠬᠤ ᠬᠤᠷᠢᠶᠠᠨ ᠤ ᠪᠠᠶᠢᠩᠭᠤ ᠶᠢᠨ ᠳᠡᠳ᠋ ᠵᠠᠬᠢᠷᠤᠯ ᠬᠤ᠋ ᠢ᠂ ᠠᠵᠢᠯ ᠣᠯᠭᠤᠯᠲᠠ ᠶᠢᠨ ᠵᠢᠯᠤᠭᠤᠳᠬᠤ ᠲᠥᠪ ᠤᠨ ᠡᠷᠬᠢᠯᠡᠭᠴᠢ ᠴᠠᠩ ᠬᠤᠩ ᠦ᠋᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠤᠷᠢᠶᠠᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢ ᠠᠭᠤᠰᠤᠯᠴᠠᠭᠤᠯᠬᠤ ᠠᠯᠪᠠᠨ ᠭᠡᠷ ᠤᠨ ᠡᠷᠬᠢᠯᠡᠭᠴᠢ ᠱᠢ ᠳ᠋ᠦᠩ ᠴᠢᠶᠣᠤ᠂ ᠤᠯᠤᠰ ᠤᠨ ᠳᠣᠲᠣᠭᠠᠳᠤ ᠶᠢᠨ ᠬᠠᠮᠲᠤᠷᠠᠯᠴᠠᠭᠠᠨ ᠤ ᠭᠠᠵᠠᠷ ᠤᠨ ᠲᠤᠬᠠᠶᠢᠯᠠᠭᠰᠠᠨ ᠠᠵᠢᠯ ᠤᠨ ᠭᠤᠣᠯ ᠬᠠᠮᠢᠶᠠᠷᠤᠭᠴᠢ ᠾᠥᠸᠧ ᠫᠧᠩ ᠶᠠᠷᠢᠯᠴᠠᠬᠤ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ᠭᠦᠨᠵᠡᠭᠡᠢ ᠪᠥᠭᠡᠳ ᠯᠠᠪᠳᠠᠭᠤᠨ ᠪᠠᠲᠤᠲᠠᠢ ᠪᠦᠲᠦᠭᠡᠯᠴᠢ ᠴᠢᠨᠠᠷᠲᠠᠢ ᠰᠠᠨᠠᠯ ᠳᠤᠷᠠᠳᠪᠠ᠃ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠬᠤᠳᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠣᠯᠣᠨ ᠨᠡᠶᠢᠭᠡᠮ ᠤᠨ ᠪᠠᠲᠤᠯᠠᠪᠤᠷᠢ ᠶᠢᠨ ᠲᠣᠪᠴᠢᠶ᠎ᠠ ᠪᠣᠯᠣᠨ ᠪᠡᠭᠡᠵᠢᠩ ᠳᠤ ᠰᠠᠭᠤᠭ᠎ᠠ ᠬᠤᠯᠪᠣᠭ᠎ᠠ ᠠᠪᠬᠤ ᠭᠠᠵᠠᠷ ᠤᠨ ᠭᠤᠣᠯ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠪᠠ᠃ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠶᠡᠭᠡ ᠰᠤᠷᠭᠠᠭᠤᠯᠢ ᠶᠢᠨ ᠲᠡᠭᠦᠰᠬᠦ ᠰᠤᠷᠤᠭᠴᠢᠳ ᠤᠨ ᠲᠥᠯᠥᠭᠡᠯᠡᠭᠴᠢᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号