ᠸᠠᠩ ᠸᠠᠩ ᠱᠧᠩ ᠲᠠᠷᠢᠶᠠᠯᠠᠩ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠢᠶᠠᠷ ᠤᠯᠠᠭᠠᠨᠬᠠᠳᠠ ᠣᠷᠣᠨ ᠤ ᠬᠥᠳᠡᠭᠡ ᠲᠣᠰᠬᠤᠨ ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠵᠠᠮ ᠢ ᠳᠡᠮᠵᠢᠬᠦ ᠪᠣᠯᠪᠠᠰᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/16
                  4 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠸᠠᠩ ᠸᠠᠩ ᠱᠧᠩ ᠲᠠᠷᠢᠶᠠᠯᠠᠩ ᠤᠨ ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠥᠩᠭᠦᠨ ᠭᠦᠢᠯᠭᠡᠭᠡᠨ ᠢᠶᠠᠷ ᠤᠯᠠᠭᠠᠨᠬᠠᠳᠠ ᠣᠷᠣᠨ ᠤ ᠬᠥᠳᠡᠭᠡ ᠲᠣᠰᠬᠤᠨ ᠤ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠵᠠᠮ ᠢ ᠳᠡᠮᠵᠢᠬᠦ ᠪᠣᠯᠪᠠᠰᠤᠷᠠᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠥᠩᠭᠦᠨ ᠭᠦᠢᠯᠭᠡᠭᠡᠨ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠴᠢᠨᠠᠭᠰᠢᠳᠠ ᠠᠬᠢᠭᠤᠯᠪᠠ᠃ ᠲᠠᠷᠢᠶᠠᠯᠠᠩ ᠢ ᠬᠥᠭᠵᠢᠭᠦᠯᠬᠦ ᠪᠠᠩᠬᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠶᠢᠨ ᠳᠡᠳ᠋ ᠳᠠᠷᠤᠭ᠎ᠠ ᠢᠦᠢ ᡂᠢ ᠱᠧᠩ ᠬᠥᠳᠡᠭᠡ ᠲᠣᠰᠬᠤᠨ ᠤ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠲᠤᠬᠠᠢ ᠲᠦᠷᠦ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠯᠲᠠ ᠪᠠ ᠬᠡᠷᠡᠭ ᠤᠨ ᠵᠢᠱᠢᠶ᠎ᠡ ᠶᠢᠨ ᠲᠠᠶᠢᠯᠪᠤᠷᠢᠯᠠᠯᠲᠠ ᠬᠢᠪᠡ᠃ ᠸᠠᠩ ᠸᠠᠩ ᠱᠧᠩ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ ᠤᠨ ᠠᠵᠢᠯ ᠢ ᠰᠢᠰᠲ᠋ᠧᠮ ᠲᠠᠢ ᠠᠬᠢᠭᠤᠯᠵᠤ᠂ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠲᠠᠢ ᠤᠶᠠᠯᠳᠤᠭᠤᠯᠵᠤ᠂ ᠡᠬᠢ ᠪᠠᠶᠠᠯᠢᠭ ᠤᠨ ︽ᠰᠠᠭᠤᠷᠢ ᠲᠠᠯ᠎ᠠ︾ ᠶᠢ ᠬᠦᠴᠦᠯᠡᠨ ᠨᠡᠶᠢᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠵᠢᠱᠢᠶ᠎ᠡ ᠦᠵᠡᠭᠦᠯᠬᠦ ᠪᠦᠰᠡ ᠶᠢᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ︽ᠪᠦᠰᠡ︾ ᠶᠢᠨ ᠬᠥᠭᠵᠢᠯ ᠮᠠᠨᠳᠤᠯ ᠢᠶᠠᠷ ᠬᠥᠳᠡᠭᠡ ᠲᠣᠰᠬᠤᠨ ᠤ ᠪᠦᠬᠦ ᠣᠷᠣᠨ ᠨᠤᠲᠤᠭ ᠤᠨ ᠬᠥᠭᠵᠢᠯ ᠮᠠᠨᠳᠤᠯ ᠢ ᠠᠬᠢᠭᠤᠯᠬᠤ ᠬᠡᠷᠡᠭᠲᠡᠢ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠦᠷᠦᠯ ᠵᠦᠢᠯ ᠢ ᠦᠷᠭᠦᠯᠵᠢᠯᠡᠨ ᠰᠦᠪᠡᠭᠴᠢᠯᠡᠨ ᠠᠬᠢᠭᠤᠯᠵᠤ᠂ ᠤᠳᠤ ᠶᠢᠨ ᠪᠠᠶᠢᠭ᠎ᠠ ᠭᠠᠵᠠᠷ ᠰᠢᠷᠣᠢ᠂ ᠡᠬᠢ ᠪᠠᠶᠠᠯᠢᠭ᠂ ᠡᠳ᠋ ᠬᠥᠷᠥᠩᠭᠡ ᠵᠡᠷᠭᠡ ᠡᠯᠧᠮᠧᠨ᠋ᠲ ᠢ ᠪᠦᠬᠦ ᠲᠠᠯ᠎ᠠ ᠪᠠᠷ ᠰᠢᠨᠵᠢᠯᠡᠨ ᠪᠠᠶᠢᠴᠠᠭᠠᠵᠤ᠂ ᠪᠣᠭᠤᠳᠠᠯᠯᠠᠬᠤ ᠲᠦᠷᠦᠯ ᠵᠦᠢᠯ ᠢ ᠨᠠᠷᠢᠨ ᠨᠢᠮᠪᠠᠢ ᠲᠥᠯᠥᠪᠵᠢᠭᠦᠯᠵᠦ᠂ ᠬᠥᠭᠵᠢᠯᠲᠡ  ᠶᠢᠨ ︽ᠰᠠᠭᠤᠷᠢ ᠲᠠᠯ᠎ᠠ︾ ᠶᠢ ᠪᠤᠵᠠᠭᠠᠶᠢᠷᠠᠭᠤᠯᠤᠨ ᠪᠣᠳᠠᠲᠠᠶᠢᠵᠢᠭᠤᠯᠵᠤ᠂ ᠪᠦᠬᠦ ᠬᠤᠳᠠ ᠶᠢᠨ ᠠᠵᠤ ᠦᠢᠯᠡᠰ ᠤᠨ ᠬᠥᠭᠵᠢᠯᠲᠡ ᠪᠣᠯᠣᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠠᠵᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠲᠤᠰᠬᠠᠢ ᠠᠩᠭᠢ ᠪᠠᠶᠢᠭᠤᠯᠵᠤ᠂ ᠲᠦᠷᠦ ᠶᠢᠨ ᠪᠣᠳᠣᠯᠭ᠎ᠠ ᠶᠢᠨ ᠵᠣᠯᠭᠠᠯᠴᠠᠭ᠎ᠠ ᠶᠢ ᠰᠠᠶᠢᠲᠤᠷ ᠬᠢᠵᠦ᠂ ᠲᠦᠷᠦᠯ ᠵᠦᠢᠯ ᠤᠨ ᠪᠡᠯᠡ ᠮᠥᠩᠭᠦ ᠴᠤᠭᠯᠠᠭᠤᠯᠬᠤ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠲᠦᠷᠭᠡᠨ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠠᠶᠤᠯᠭᠦᠢ ᠦᠢᠯᠡᠳᠪᠦᠷᠢᠯᠡᠯ ᠤᠨ ᠬᠡᠮ ᠰᠣᠭᠤᠭ ᠢ ᠶᠡᠬᠡᠪᠡᠷ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠠᠵᠢᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠲᠤᠬᠠᠢ ᠱᠠᠭᠠᠷᠳᠠᠯᠭ᠎ᠠ ᠳᠤᠷᠠᠳᠴᠠᠢ᠃ ᠬᠤᠷᠠᠯ ᠨᠢ ᠳᠦᠷᠰᠦ ᠨᠡᠪᠲᠡᠷᠡᠭᠦᠯᠭᠡ ᠶᠢᠨ ᠬᠡᠯᠪᠡᠷᠢ ᠪᠠᠷ ᠡᠯ᠎ᠡ ᠬᠤᠰᠢᠭᠤ ᠰᠢᠶᠠᠨ ᠲᠣᠭᠤᠷᠢᠭ ᠲᠤ ᠶᠠᠪᠤᠭᠳᠠᠪᠠ᠃ ᠬᠤᠲᠠ ᠶᠢᠨ ᠳᠡᠳ᠋ ᠳᠠᠷᠤᠭ᠎ᠠ ᠹᠦ᠋ ᠱᠧᠦ ᠯᠢ᠂ ᠵᠠᠩ ᠭᠦᠸᠧ ᠬᠤᠸᠠ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠤᠨ ᠭᠤᠣᠯ ᠲᠠᠯᠠᠪᠠᠶ ᠳᠤ ᠣᠷᠣᠯᠴᠠᠪᠠ᠃  
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号