| 2022ᠤᠨ ᠳᠤ ᠤᠩᠨᠢᠭᠤᠳ ᠬᠤᠰᠢᠭᠤᠨ ᠤ ᠪᠦᠬᠦ ᠵᠢᠯ ᠤᠨ ᠠᠷᠠᠳ ᠤᠨ ᠠᠮᠢᠳᠤᠷᠠᠯ ᠤᠨ | ᠵᠠᠷᠤᠯᠭ᠎ᠠ 35 . 5 ᠳ᠋ᠦᠩᠰᠢᠭᠤᠷ ᠲᠥᠭᠦᠷᠢᠭ ᠲᠤ ᠬᠦᠷᠴᠦ᠂ ᠡᠳ᠋ ᠤᠨ ᠵᠠᠰᠠᠭ ᠤᠨ ᠵᠠᠷᠤᠯᠭ᠎ᠠ ᠶᠢᠨ 80 % ᠶᠢ | ᠡᠵᠡᠯᠡᠪᠡ ᠃ ᠰᠢᠨᠡᠰᠦ᠋ᠮ᠎ᠡ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂ ᠰᠢᠨᠡᠰᠦ᠋ᠮ᠎ᠡ ᠬᠡᠦᠬᠡᠳ ᠤᠨ | ᠴᠡᠴᠡᠷᠯᠢᠭ ᠵᠡᠷᠭᠡ ᠲᠥᠷᠥᠯ ᠵᠦᠢᠯ ᠤᠷᠤᠭᠰᠢᠲᠠᠢ ᠪᠠᠷ ᠪᠠᠷᠢᠯᠭ᠎ᠠ ᠳᠠᠭᠤᠰᠴᠤ᠂ ᠵᠢᠶᠧ ᠹᠠᠩ ᠶᠢᠩ ᠪᠠᠭ᠎ᠠ | ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠳ᠋ᠠᠰᠢᠩ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ ᠤᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ 10 ᠰᠤᠷᠭᠠᠭᠤᠯᠢ ᠶᠢᠨ ᠴᠡᠪᠡᠷ | ᠡᠨᠧᠷᠭᠢ ᠶᠢᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢ ᠪᠡᠶᠡᠯᠡᠭᠦᠯᠪᠡ᠃ ᠪᠥᠬᠦ ᠬᠤᠰᠢᠭᠤᠨ ᠤ ᠳᠡᠭᠡᠳᠦ ᠰᠤᠷᠭᠠᠭᠤᠯᠢ | ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠢᠩᠬᠢᠨᠢ ᠠᠩᠭᠢ ᠳᠤ ᠤᠷᠤᠭᠰᠠᠨ ᠨᠣᠷᠮ᠎ᠠ ᠠᠳᠠᠯᠢ | ᠬᠤᠭᠤᠴᠠᠭᠠᠨ ᠤ ᠬᠢ ᠠᠴᠠ 12 . 7 % ᠪᠠᠷ ᠨᠡᠮᠡᠭᠳᠡᠪᠡ ᠃ ᠬᠤᠰᠢᠭᠤᠨ ᠤ ᠡᠮᠨᠡᠯᠭᠡ ᠶᠢᠨ ᠬᠤᠷᠢᠶᠠᠨ ᠤ | ᠥᠷᠭᠡᠳᠬᠡᠨ ᠪᠠᠶᠢᠭᠤᠯᠬᠤ ᠲᠥᠷᠥᠯ ᠵᠦᠶᠯ ᠪᠦᠬᠦᠨ ᠢᠶᠠᠷ ᠢᠶᠠᠨ ᠪᠠᠷᠢᠯᠭ᠎ᠠ ᠳᠠᠭᠤᠰᠴᠤ᠂ ᠡᠮᠡᠭᠲᠡᠶᠢᠴᠦᠳ ᠬᠡᠦᠬᠡᠳ | ᠤᠨ ᠡᠮᠨᠡᠯᠭᠡ ᠶᠢᠨ ᠬᠤᠷᠢᠶ᠎ᠠ᠂ ᠵᠡᠮᠳᠡᠭᠴᠦᠳ ᠤᠨ ᠡᠷᠡᠭᠦᠯᠵᠢᠯ ᠤᠨ ᠲᠥᠪ᠂ ᠣᠷᠣᠰᠢᠭᠤᠯᠭ᠎ᠠ ᠶᠢᠨ ᠭᠠᠵᠠᠷ ᠤᠨ | ᠶᠡᠷᠦᠩᠬᠡᠶᠢᠯᠡᠭᠰᠡᠨ ᠠᠰᠠᠷ ᠪᠠᠶᠢᠭᠤᠯᠤᠭᠳᠠᠨ ᠠᠰᠢᠭᠯᠠᠯᠲᠠ ᠳᠤ ᠣᠷᠤᠪᠠ᠂ ᠬᠢᠵᠢᠭ ᠢ ᠰᠡᠷᠭᠡᠶᠢᠯᠡᠨ ᠡᠵᠡᠮᠳᠡᠬᠦ ᠲᠥᠪ᠂ | ᠡᠪᠡᠳᠴᠢᠨ ᠢ ᠰᠡᠷᠭᠡᠶᠢᠯᠡᠨ ᠵᠠᠰᠠᠬᠤ ᠲᠥᠪ᠂ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠨ ᠵᠠᠰᠠᠬᠤ | ᠲᠥᠪ᠂ ᠨᠠᠰᠤᠲᠠᠶᠢᠴᠤᠳ ᠢ ᠠᠰᠠᠷᠠᠨ ᠰᠤᠪᠢᠯᠠᠬᠤ ᠬᠦᠷᠢᠶᠡᠯᠡᠩ ᠵᠡᠷᠭᠡ ᠲᠥᠷᠥᠯ ᠵᠦᠶᠯ ᠯᠠᠪᠳᠠᠭᠤᠨ ᠪᠠᠲᠤᠲᠠᠶ ᠠᠭᠢᠪᠠ | ᠃ ᠳ᠋ᠠᠰᠢᠩ ᠲᠠᠷᠢᠶᠠᠯᠠᠩ ᠤᠨ ᠲᠠᠯᠠᠪᠠᠶ ᠶᠢᠨ 7 ᠬᠤᠪᠢᠶᠠᠷᠢ ᠲᠠᠯᠠᠪᠠᠶ ᠳᠤ ᠨᠡᠶᠢᠭᠡᠮ ᠲᠣᠭᠤᠷᠢᠭ ᠤᠨ ᠬᠠᠮᠢᠶᠠᠷᠤᠯᠲᠠ | ᠶᠢ ᠬᠡᠷᠡᠭᠵᠢᠭᠦᠯᠪᠡ᠃ 1503 ᠡᠷᠦᠬᠡ ᠶᠢᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠵᠠᠰᠠᠵᠤ᠂ 57 | ᠡᠷᠦᠬᠡ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠵᠠᠰᠠᠵᠤ᠂ 36 ᠡᠷᠦᠬᠡ | ᠶᠢᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠪᠠ ᠃ ᠪᠦᠬᠦ ᠵᠢᠯ ᠳᠤ ᠡᠯ᠎ᠡ ᠲᠥᠷᠥᠯ ᠤᠨ ᠠᠵᠢᠯ | ᠣᠯᠭᠤᠯᠲᠠ ᠳᠤ ᠰᠢᠨ᠎ᠡ ᠪᠠᠷ 2763 ᠬᠥᠮᠦᠨ ᠨᠡᠮᠡᠭᠳᠡᠵᠦ᠂ ᠠᠵᠢᠯ ᠣᠯᠬᠤ ᠳᠤ ᠬᠦᠴᠢᠷᠲᠡᠢ ᠴᠡᠷᠢᠭ ᠠᠴᠠ | ᠬᠠᠯᠠᠭᠳᠠᠭᠰᠠᠨ 219 ᠬᠥᠮᠦᠨ ᠳᠤ ᠳᠠᠬᠢᠨ ᠠᠵᠢᠯ ᠣᠯᠭᠤᠵᠤ᠂ 6 . 5 ᠲᠦᠮᠡᠨ ᠮᠠᠯᠴᠢᠨ ᠲᠠᠷᠢᠶᠠᠴᠢᠨ ᠢ | ᠰᠢᠯᠵᠢᠭᠦᠯᠦᠨ ᠠᠵᠢᠯ ᠣᠯᠭᠤᠪᠠ ᠃ ᠡᠯ᠎ᠡ ᠲᠥᠷᠥᠯ ᠤᠨ ᠠᠪᠤᠷᠠᠨ ᠲᠤᠰᠠᠯᠠᠬᠤ ᠨᠦᠬᠦᠪᠦᠷᠢ ᠪᠡᠯᠡ ᠮᠥᠩᠭᠦ ᠶᠢ 16 | . 3 ᠳ᠋ᠦᠩᠰᠢᠭᠤᠷ ᠲᠥᠭᠦᠷᠢᠭ ᠲᠠᠷᠬᠠᠭᠠᠪᠠ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠦᠷᠭᠦᠯᠵᠢᠯᠡᠨ ᠪᠠᠬᠢᠵᠢᠵᠦ᠂ 《 ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ | ᠵᠢᠱᠢᠶ᠎ᠡ ᠦᠵᠡᠭᠦᠯᠬᠦ ᠬᠤᠰᠢᠭᠤ 》 ᠶᠢᠨ ᠢᠷᠠᠭᠤ ᠠᠯᠳᠠᠷ ᠢ ᠬᠦᠷᠲᠡᠪᠡ ᠃ ᠠᠶᠤᠯᠭᠦᠢ ᠦᠶᠯᠡᠳᠪᠦᠷᠢᠯᠡᠯ ᠤᠨ | ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠤᠷᠤᠭᠰᠢᠲᠠᠶ ᠪᠡᠶᠡᠯᠡᠭᠦᠯᠵᠦ᠂ ᠥᠪᠡᠰᠦᠪᠡᠨ ᠬᠡᠷ | ᠪᠠᠷᠢᠬᠤ᠂ ᠰᠢᠲᠠᠮᠠᠬᠠᠶ ᠬᠡᠶ ᠶᠢᠨ ᠠᠮᠤᠷ ᠲᠦᠪᠰᠢᠨ᠂ ᠬᠠᠤᠯᠢ ᠠᠴᠠ ᠵᠥᠷᠢᠴᠡᠨ ᠭᠠᠵᠠᠷ ᠬᠡᠷᠡᠭᠯᠡᠬᠦ ᠵᠡᠷᠭᠡ ᠲᠤᠰᠬᠠᠶ | ᠴᠡᠭᠴᠡᠯᠡᠨ ᠵᠠᠰᠠᠬᠤ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ ᠃ ᠪᠦᠬᠦ ᠬᠤᠲᠠ ᠳᠤ ᠬᠠᠮᠤᠭ ᠲᠡᠷᠢᠭᠦᠨ ᠳᠤ | 《 ᠨᠢᠭᠡ ᠲᠣᠰᠬᠤᠨ ᠨᠢᠭᠡ ᠲᠤᠰᠠᠯᠠᠬᠤ ᠴᠠᠭᠳᠠᠭ᠎ᠠ 》 ᠶᠢᠨ ᠵᠣᠬᠢᠴᠠᠮᠵᠢ ᠶᠢ ᠬᠡᠷᠡᠭᠵᠢᠭᠦᠯᠵᠦ᠂ ᠠᠮᠤᠷ ᠠᠮᠤᠭᠤᠯᠠᠩ | ᠣᠩᠨᠢᠭᠤᠳ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠦᠨᠡᠨᠬᠦ ᠴᠢᠩᠭᠠᠳᠬᠠᠪᠠ ᠃ ᠣᠯᠠᠨ ᠡᠭᠡᠯᠵᠢ ᠶᠢᠨ | ᠬᠢᠵᠢᠭ ᠤᠨ ᠳᠠᠭᠠᠷᠢᠯᠲᠠ ᠶᠢ ᠰᠢᠨᠵᠢᠯᠡᠬᠦ ᠤᠬᠠᠭᠠᠨᠴᠢ᠂ ᠪᠦᠲᠦᠮᠵᠢᠲᠡᠶ᠂ ᠣᠨᠣᠴᠠᠲᠠᠶ ᠪᠠᠷ ᠠᠷᠭᠠᠴᠠᠭᠠᠵᠤ᠂ | ᠬᠥᠬᠡᠬᠤᠲᠠ ᠶᠢᠨ ᠤᠶᠤᠲᠠᠳ ᠵᠡᠷᠭᠡ ᠪᠤᠴᠠᠵᠤ ᠢᠷᠡᠭᠰᠡᠨ ᠬᠥᠮᠦᠰ ᠢ ᠲᠤᠰᠠᠭᠠᠷᠯᠠᠵᠤ ᠰᠢᠯᠵᠢᠭᠦᠯᠦᠨ ᠲᠡᠭᠡᠭᠡᠪᠦᠷᠢᠯᠡᠬᠦ | ᠡᠭᠦᠷᠭᠡ ᠶᠢ ᠤᠷᠤᠭᠰᠢᠲᠠᠶ ᠪᠡᠶᠡᠯᠡᠭᠦᠯᠪᠡ ᠃ 《 ᠰᠢᠨ᠎ᠡ ᠠᠷᠪᠠᠨ ᠵᠤᠷᠪᠤᠰ 》 ᠤᠨ ᠳᠠᠷᠠᠭ᠎ᠠ 《 ᠡᠷᠡᠭᠦᠯ ᠮᠡᠨᠳᠦ | ᠶᠢ ᠬᠠᠮᠠᠭᠠᠯᠠᠬᠤ᠂ ᠬᠦᠨᠳᠦ ᠡᠪᠡᠳᠴᠢᠨ ᠢ ᠰᠡᠷᠭᠡᠶᠢᠯᠡᠬᠦ 》 ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠪᠥᠬᠦ | ᠬᠤᠲᠠ ᠳᠤ ᠡᠩ ᠲᠡᠷᠢᠭᠦᠨ ᠳᠤ ᠮᠠᠯᠵᠢᠬᠤ ᠲᠠᠷᠢᠶᠠᠯᠠᠬᠤ ᠣᠷᠣᠨ ᠤ ᠭᠤᠤᠯᠳᠠᠯᠭ᠎ᠠ ᠲᠠᠢ ᠬᠥᠮᠦᠰ ᠲᠤ 《 ᠬᠠᠶᠢᠷ᠎ᠠ | ᠬᠠᠯᠠᠮᠵᠢ ᠶᠢᠨ ᠡᠮ ᠤᠨ ᠪᠣᠭᠴᠣ 》 ᠶᠢ 7 ᠲᠦᠮᠡᠨ ᠬᠤᠪᠢ ᠦᠨ᠎ᠡ ᠲᠥᠯᠥᠪᠦᠷᠢ ᠥᠬᠡᠶ ᠪᠠᠷ ᠲᠠᠷᠬᠠᠭᠠᠵᠤ᠂ ᠨᠢᠭᠡ | ᠪᠦᠯᠦᠭ ᠳᠤᠲᠠᠭᠳᠠᠵᠤ ᠪᠠᠶᠢᠭ᠎ᠠ ᠡᠮᠴᠢᠯᠡᠭᠡᠨ ᠤ ᠲᠥᠬᠦᠭᠡᠷᠦᠮᠵᠢ ᠬᠤᠳᠠᠯᠳᠤᠨ ᠠᠪᠴᠤ᠂ ᠣᠯᠠᠨ ᠲᠦᠮᠡᠨ ᠤ | ᠡᠪᠡᠳᠴᠢᠨ ᠦᠵᠡᠭᠦᠯᠵᠦ ᠡᠮ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠪᠥᠬᠦ ᠬᠦᠴᠦᠨ ᠢᠶᠠᠷ ᠢᠶᠠᠨ ᠪᠠᠲᠤᠯᠠᠵᠤ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠭᠲᠠᠭᠤᠨ ᠡᠷᠭᠢᠯᠲᠡ ᠶᠢ ᠪᠡᠶᠡᠯᠡᠭᠦᠯᠪᠡ ᠃ |