ᠸᠠᠩ ᠸᠠᠩ ᠱᠧᠩ ᠤᠶᠤᠨᠲᠤ ᠭᠠᠯ ᠢ ᠰᠡᠷᠭᠡᠶᠢᠯᠡᠨ ᠤᠨᠲᠠᠷᠠᠭᠠᠬᠤ ᠲᠠᠪᠴᠠᠩ ᠤᠨ ᠠᠵᠢᠯᠯᠠᠭ᠎ᠠ ᠵᠢᠴᠢ ᠵᠠᠯᠭᠠᠨ ᠣᠷᠣᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/8
                 5 ᠰᠠᠷ᠎ᠠ ᠶᠢᠨ 4᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠬᠤᠲᠠ ᠶᠢᠨ ᠭᠠᠯ ᠢ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠳᠤ ᠬᠦᠷᠴᠦ ᠤᠶᠤᠨᠲᠤ ᠭᠠᠯ ᠢ ᠰᠡᠷᠭᠡᠶᠢᠯᠡᠨ ᠤᠨᠲᠠᠷᠠᠭᠠᠬᠤ ᠲᠠᠪᠴᠠᠩ ᠤᠨ ᠠᠵᠢᠯᠯᠠᠭ᠎ᠠ ᠵᠢᠴᠢ ᠵᠠᠯᠭᠠᠨ ᠣᠷᠣᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠲᠠ ᠶᠢᠨ ᠭᠠᠯ ᠢ ᠰᠡᠷᠭᠡᠶᠢᠯᠡᠨ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠵᠢᠯᠣᠭᠤᠳᠬᠤ ᠲᠥᠪ ᠲᠤ᠂ ᠸᠠᠩ ᠸᠠᠩ ᠱᠧᠩ ᠲᠤᠬᠠᠶ ᠶᠢᠨ ᠲᠠᠯᠠᠪᠠᠶ ᠳᠤ ᠤᠶᠤᠨᠲᠤ ᠭᠠᠯ ᠢ ᠰᠡᠷᠭᠡᠶᠢᠯᠡᠨ ᠤᠨᠲᠠᠷᠠᠭᠠᠬᠤ ᠲᠠᠪᠴᠠᠩ ᠤᠨ ᠴᠢᠳᠠᠮᠵᠢ ᠶᠢᠨ ᠦᠵᠡᠭᠦᠯᠭᠡ ᠶᠢ ᠦᠵᠡᠵᠦ᠂ ᠲᠠᠪᠴᠠᠩ ᠤᠨ ᠠᠵᠢᠯᠯᠠᠭ᠎ᠠ ᠵᠢᠴᠢ ᠵᠠᠯᠭᠠᠨ ᠣᠷᠣᠭᠤᠯᠤᠭᠰᠠᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠠᠮᠢᠶ᠎ᠠ ᠪᠥᠬᠦᠶ ᠠᠵᠢᠯ ᠤᠨ ᠲᠤᠬᠠᠶ ᠱᠠᠭᠠᠷᠳᠠᠯᠭ᠎ᠠ ᠳᠤᠷᠠᠳᠪᠠ᠃ ᠲᠡᠷᠡ᠂ ᠣᠶᠣᠨᠲᠤ ᠭᠠᠯ ᠢ ᠰᠡᠷᠭᠡᠶᠢᠯᠡᠨ ᠤᠨᠲᠠᠷᠠᠭᠠᠬᠤ ᠲᠠᠪᠴᠠᠩ ᠤᠨ ᠪᠠᠶᠢᠭᠤᠯᠤᠯᠲᠠ ᠨᠢ ᠭᠠᠯ ᠤᠨ ᠠᠶᠤᠯ ᠢ ᠪᠦᠲᠦᠮᠵᠢᠲᠡᠶ ᠰᠡᠷᠭᠡᠶᠢᠯᠡᠬᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ᠂ ᠨᠠᠩ ᠠᠮᠤᠷ ᠲᠣᠭᠲᠠᠭᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠣᠷᠴᠢᠨ ᠲᠣᠭᠤᠷᠢᠨ ᠢ ᠡᠭᠦᠳᠬᠦ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠭᠡᠵᠦ ᠵᠢᠭᠠᠵᠤ ᠭᠠᠷᠭᠠᠪᠠ᠃ ᠲᠡᠷᠡ᠂ ᠤᠶᠤᠨᠲᠤ ᠭᠠᠯ ᠢ ᠰᠡᠷᠭᠡᠶᠢᠯᠡᠨ ᠤᠨᠲᠠᠷᠠᠭᠠᠬᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠤᠨ ᠭᠠᠯ ᠢ ᠰᠡᠷᠭᠡᠶᠢᠯᠡᠨ ᠤᠨᠲᠠᠷᠠᠭᠠᠬᠤ ᠭᠦᠨᠵᠡᠭᠡᠶ ᠠᠭᠤᠰᠤᠯᠴᠠᠯ ᠢ ᠠᠬᠢᠭᠤᠯᠤᠨ᠂ ᠬᠠᠨᠳᠤᠯᠭᠠᠲᠤ ᠴᠢᠨᠠᠷᠲᠠᠶ ᠬᠡᠷᠡᠭᠯᠡᠭᠡᠨ ᠤ ᠪᠠᠶᠢᠳᠠᠯ ᠢ ᠲᠠᠰᠤᠷᠠᠯᠲᠠ ᠥᠬᠡᠶ ᠥᠷᠭᠡᠳᠬᠡᠵᠦ᠂ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠤᠤᠷ ᠢ ᠠᠯᠬᠤᠮ ᠠᠯᠬᠤᠮ ᠢᠶᠠᠷ ᠨᠢᠭᠲᠠ ᠰᠦᠯᠵᠢᠬᠦ ᠬᠡᠷᠡᠭᠲᠡᠶ᠃ ︽ᠨᠠᠷᠢᠯᠢᠭ ᠣᠨᠣᠴᠠᠲᠠᠢ ᠪᠠᠷ ᠤᠷᠢᠳᠴᠢᠯᠠᠨ ᠰᠡᠷᠡᠮᠵᠢᠯᠡᠭᠦᠯᠬᠦ᠂ ᠨᠠᠷᠢᠯᠢᠭ ᠣᠨᠣᠴᠠᠲᠠᠢ ᠪᠠᠷ ᠰᠡᠷᠭᠡᠶᠢᠯᠡᠬᠦ᠂ ᠨᠠᠷᠢᠯᠢᠭ ᠣᠨᠣᠴᠠᠲᠠᠢ ᠪᠠᠷ ᠵᠢᠯᠣᠭᠤᠳᠬᠤ᠂ ᠨᠠᠷᠢᠯᠢᠭ ᠣᠨᠣᠴᠠᠲᠠᠢ ᠪᠠᠷ ᠰᠢᠢᠳᠪᠦᠷᠢᠯᠡᠬᠦ︾ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠰᠠᠭᠤᠷᠢ ᠰᠢᠰᠲ᠋ᠧᠮ ᠢ ᠲᠦᠷᠭᠡᠯᠡᠨ ᠪᠠᠶᠢᠭᠤᠯᠵᠤ᠂ ᠲᠤᠮᠤ ᠳ᠋ᠠᠶᠢᠲ᠋ᠠ᠂ ᠡᠭᠦᠯᠡᠨ ᠪᠤᠳᠤᠯᠳᠠ᠂ ᠡᠳ᠋ ᠪᠠᠷᠠᠭᠠᠨ ᠤ ᠮᠡᠳᠡᠭᠡ ᠵᠠᠩᠭᠢ ᠶᠢᠨ ᠰᠦᠯᠵᠢᠶ᠎ᠡ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠲᠠᠯᠳᠠ ᠭᠡᠮ ᠢ ᠬᠢᠨᠠᠨ ᠬᠡᠮᠵᠢᠬᠦ ᠰᠢᠰᠲ᠋ᠧᠮ᠂ ᠦᠵᠡᠭᠳᠡᠮᠡᠯ ᠰᠦᠯᠵᠢᠶᠡᠨ ᠤ ᠲᠦᠭᠰᠢᠭᠦᠷᠢ ᠮᠡᠳᠡᠭᠦᠯᠬᠦ ᠰᠢᠰᠲ᠋ᠧᠮ ᠵᠡᠷᠭᠡ ᠵᠥᠭᠡᠯᠡᠨ ᠲᠣᠨᠤᠭ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠭᠠᠯ ᠢ ᠰᠡᠷᠭᠡᠶᠢᠯᠡᠨ ᠤᠨᠲᠠᠷᠠᠭᠠᠬᠤ ᠬᠢᠨᠠᠯᠲᠠ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ︽ᠤᠷᠢᠳᠴᠢᠯᠠᠨ ᠮᠠᠭᠠᠳᠯᠠᠬᠤ᠂ ᠡᠷᠲᠡ ᠢᠯᠡᠷᠡᠭᠦᠯᠬᠦ᠂ ᠡᠷᠲᠡ ᠠᠷᠢᠯᠭᠠᠬᠤ᠂ ᠡᠷᠲᠡ ᠤᠨᠲᠠᠷᠠᠭᠠᠬᠤ︾᠎ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠭᠦᠯᠬᠦ ᠬᠡᠷᠡᠭᠲᠡᠢ᠃ ᠪᠠᠷᠢᠮᠵᠢᠶᠠᠵᠢᠭᠤᠯᠤᠨ ᠪᠥᠲᠥᠭᠡᠨ ᠪᠠᠶᠢᠭᠤᠯᠬᠤ ᠪᠠ ᠪᠠᠶᠢᠩᠭᠤᠵᠢᠭᠤᠯᠤᠨ ᠬᠡᠷᠡᠭᠯᠡᠬᠦ ᠶᠢ ᠰᠠᠶᠢᠲᠤᠷ ᠬᠢᠵᠦ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ᠂ ᠰᠤᠷᠭᠠᠭᠤᠯᠢ᠂ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠣᠭᠴᠠ ᠵᠡᠷᠭᠡ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠢᠨᠠᠨ ᠡᠵᠡᠮᠳᠡᠬᠦ ᠲᠠᠪᠴᠠᠩ ᠢ ᠪᠦᠷᠢᠨ ᠪᠥᠷᠬᠦᠭᠦᠯᠬᠦ ᠶᠢ ᠬᠦᠴᠦᠯᠡᠨ ᠠᠬᠢᠭᠤᠯᠵᠤ᠂ ᠬᠥᠳᠡᠯᠦᠩᠭᠦᠶ ᠬᠢᠨᠠᠨ ᠬᠡᠮᠵᠢᠬᠦ᠂ ᠬᠡᠪ ᠤᠨ ᠬᠢᠨᠠᠨ ᠬᠠᠮᠢᠶᠠᠷᠬᠤ᠂ ᠣᠶᠤᠨᠴᠢ ᠪᠠᠷ ᠵᠠᠳᠠᠯᠬᠤ᠂ ᠴᠠᠭ ᠲᠤᠬᠠᠶ ᠳᠤᠨᠢ ᠰᠡᠷᠡᠮᠵᠢᠯᠡᠭᠦᠯᠬᠦ᠂ ᠲᠦᠷᠭᠡᠨ ᠰᠢᠢᠳᠪᠦᠷᠢᠯᠡᠬᠦ ᠶᠢ ᠪᠡᠶᠡᠯᠡᠭᠦᠯᠵᠦ᠂ ᠡᠯ᠎ᠡ ᠵᠦᠢᠯ ᠤᠨ ᠭᠠᠯ ᠢ ᠰᠡᠷᠭᠡᠶᠢᠯᠡᠨ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠤᠨ ︽ᠪᠢᠲᠡᠭᠦᠦ ᠬᠡᠯᠬᠢᠶᠡᠲᠦ ᠮᠠᠶ᠋ᠢᠭ ᠤᠨ ᠬᠠᠮᠢᠶᠠᠷᠤᠯᠲᠠ︾᠎ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠲᠢᠶᠠᠨ ᠴᠧᠨ ᠭᠤᠸᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠠᠷ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠤᠯᠠᠭᠠᠨᠬᠠᠲᠠ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠬᠡᠯᠡᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号