ᠸᠠᠩ ᠸᠠᠩ ᠱᠧᠩ ᠥᠪᠥᠷ ᠮᠣᠩᠭᠤᠯ ᠠᠴᠠ ᠬᠠᠩᠵᠧᠦ ᠬᠤᠲᠠ ᠳᠤ ᠡᠷᠭᠢᠯᠡᠭᠰᠡᠨ ᠠᠷᠠᠯᠵᠢᠶᠠᠴᠢᠨ ᠤᠷᠢᠵᠤ ᠪᠡᠯᠡ ᠲᠠᠲᠠᠬᠤ ᠲᠠᠨᠢᠯᠴᠠᠭᠤᠯᠭ᠎ᠠ ᠶᠢᠨ ᠬᠤᠷᠠᠯ ᠵᠢᠴᠢ ᠬᠠᠮᠲᠤᠷᠠᠯᠴᠠᠭᠠᠨ ᠤ ᠵᠦᠢᠯᠡᠰ ᠤᠨ ᠭᠡᠷ᠎ᠡ ᠲᠣᠭᠲᠠᠬᠤ ᠶᠣᠰᠣᠯᠠᠯ ᠳᠤ ᠣᠷᠤᠯᠴᠠᠵᠤ᠂ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/5/8
                   4 ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠵᠧᠵᠢᠶᠠᠩ ᠮᠤᠵᠢ ᠶᠢᠨ ᠬᠠᠩᠵᠧᠦ ᠬᠤᠲᠠ ᠳᠤ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠳᠤ ᠬᠠᠨᠳᠤᠭᠤᠯᠤᠭᠰᠠᠨ ᠠᠷᠠᠯᠵᠢᠶᠠᠴᠢᠨ ᠤᠷᠢᠵᠤ ᠪᠡᠯᠡ ᠲᠠᠲᠠᠬᠤ ᠲᠠᠨᠢᠯᠴᠠᠭᠤᠯᠭ᠎ᠠ ᠶᠢᠨ ᠬᠤᠷᠠᠯ ᠵᠢᠴᠢ ᠬᠠᠮᠲᠤᠷᠠᠯᠴᠠᠭᠠᠨ  ᠤ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠲᠠᠨᠢᠯᠴᠠᠭᠤᠯᠭ᠎ᠠ ᠶᠢᠨ ᠬᠤᠷᠠᠯ ᠵᠢᠴᠢ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠭᠰᠠᠨ ᠪᠥᠭᠡᠳ ᠬᠠᠩᠵᠧᠦ ᠬᠤᠲᠠ ᠳᠤ ᠪᠦᠯᠬᠦᠮ ᠳᠠᠭᠠᠭᠤᠯᠤᠨ ᠠᠷᠠᠯᠵᠢᠶᠠᠴᠢᠨ ᠤᠷᠢᠵᠤ ᠤᠷᠢᠵᠤ ᠰᠢᠨᠵᠢᠯᠡᠨ ᠪᠠᠶᠢᠴᠠᠭᠠᠪᠠ᠃ ᠠᠷᠠᠯᠵᠢᠶᠠᠴᠢᠨ ᠤᠷᠢᠵᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠸᠠᠩ ᠸᠠᠩ ᠱᠧᠩ ᠵᠧᠵᠢᠶᠠᠩ ᠤᠨ ᠶᠦᠨ ᠳ᠋ᠡ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠵᠢᠢ ᠯᠢ ᠠᠯᠤᠰ ᠡᠵᠡᠮᠰᠢᠯ ᠤᠨ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠪᠦᠯᠦᠭᠯᠡᠯ ᠲᠠᠢ ᠭᠡᠷᠡᠯ ᠰᠠᠯᠬᠢᠨ ᠢᠶᠠᠷ ᠪᠣᠬᠢᠷᠲᠤᠯ ᠦᠭᠡᠢ ᠮᠧᠲ᠋ᠢᠯ ᠠᠯᠺᠣᠣᠯ ᠦᠢᠯᠡᠳᠬᠦ ᠵᠢᠴᠢ ᠰᠢᠩᠭᠡᠬᠡᠨ ᠠᠪᠬᠤ ᠬᠡᠷᠡᠭᠯᠡᠭᠡᠨ ᠤ ᠵᠢᠱᠢᠶ᠎ᠡ ᠦᠵᠡᠭᠦᠯᠬᠦ ᠲᠦᠷᠦᠯ ᠵᠦᠢᠯ ᠤᠨ ᠲᠤᠬᠠᠢ ᠰᠠᠨᠠᠯ ᠢᠶᠠᠨ ᠰᠣᠯᠢᠯᠴᠠᠨ ᠵᠥᠪᠳᠡᠯᠴᠡᠪᠡ᠃ ᠵᠢᠢ ᠯᠢ ᠠᠯᠤᠰ ᠡᠵᠡᠮᠰᠢᠯ ᠤᠨ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠪᠦᠯᠦᠭᠯᠡᠯ ᠨᠢ ᠳᠡᠯᠡᠬᠡᠢ ᠶᠢᠨ 500 ᠬᠦᠴᠦᠷᠬᠡᠭ ᠠᠵᠤ ᠠᠬᠤᠶᠢᠯᠠᠯ ᠪᠣᠯᠬᠤ ᠵᠧᠵᠢᠶᠠᠩ ᠤᠨ ᠵᠢᠢ ᠯᠢ ᠰᠲ᠋ᠣᠺ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠪᠦᠷᠢᠨ ᠪᠡᠯᠡᠳᠦ ᠺᠣᠮᠫᠠᠨᠢ ᠪᠣᠯᠤᠭᠰᠠᠨ ᠤ ᠬᠤᠪᠢ ᠳᠤ᠂ ᠤᠯᠤᠰ ᠤᠨ ᠳᠣᠲᠣᠭᠠᠳᠤ ᠶᠢᠨ ᠬᠠᠮᠤᠭ ᠤᠨ ᠲᠣᠮᠣ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠰᠤᠳᠤᠯᠭᠠᠨ ᠤ ᠬᠦᠷᠢᠶᠡᠯᠡᠩ ᠢ ᠪᠠᠶᠢᠭᠤᠯᠵᠤ᠂ ᠬᠤᠳᠠᠯᠳᠤᠭᠠᠨ  ᠤ ᠮᠠᠰᠢᠨ ᠲᠡᠷᠭᠡ ᠶᠢᠨ ᠪᠦᠷᠢᠨ ᠲᠦᠷᠦᠯ ᠤᠨ ᠰᠢᠨ᠎ᠡ ᠡᠨᠧᠷᠭᠢ ᠶᠢᠨ ᠰᠤᠷᠪᠤᠯᠵᠢ ᠶᠢ ᠰᠢᠨᠡᠴᠢᠯᠡᠬᠦ ᠶᠢ ᠪᠡᠶᠡᠯᠡᠭᠦᠯᠵᠦ᠂ ᠤᠯᠤᠰ ᠤᠨ ᠳᠣᠲᠣᠭᠠᠳᠤ ᠶᠢᠨ ᠰᠢᠨ᠎ᠡ ᠡᠨᠧᠷᠭᠢ ᠶᠢᠨ ᠬᠤᠳᠠᠯᠳᠤᠭᠠᠨ ᠤ ᠮᠠᠰᠢᠨ ᠲᠡᠷᠭᠡ ᠶᠢᠨ ᠳᠠᠭᠠᠭᠤᠯᠤᠭᠴᠢ ᠪᠣᠯᠤᠭᠰᠠᠨ ᠪᠠᠶᠢᠨ᠎ᠠ᠃ ᠵᠧᠵᠢᠶᠠᠩ ᠤᠨ ᠶᠦᠨ ᠳ᠋ᠡ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠨᠢ ᠭᠤᠣᠯᠳᠠᠭᠤ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠵᠢᠷᠤᠭ ᠲᠥᠯᠥᠪᠯᠡᠭᠡ᠂ ᠦᠢᠯᠡᠳᠪᠦᠷᠢᠯᠡᠯ ᠪᠠ ᠪᠣᠷᠤᠯᠠᠭᠤᠯᠭ᠎ᠠ ᠵᠢᠴᠢ ᠰᠠᠯᠬᠢᠨ ᠬᠦᠴᠦᠨ ᠤ ᠴᠠᠬᠢᠯᠭᠠᠨ ᠭᠠᠷᠭᠠᠬᠤ ᠲᠠᠯᠠᠪᠠᠢ ᠶᠢᠨ ᠠᠵᠢᠯᠯᠠᠭᠠᠨ ᠤ ᠬᠠᠮᠠᠭᠠᠯᠠᠯᠲᠠ᠂ ᠪᠡᠯᠡᠳᠬᠡᠯ ᠲᠤᠨᠤᠭ ᠤᠨ ᠬᠠᠩᠭᠠᠯᠭ᠎ᠠ ᠶᠢ ᠡᠵᠡᠩᠨᠡᠬᠦ ᠶᠢᠨ ᠬᠠᠮᠲᠤ ᠰᠠᠯᠬᠢᠨ ᠬᠦᠴᠦᠨ ᠤ ᠴᠠᠬᠢᠯᠭᠠᠨ ᠭᠠᠷᠭᠠᠬᠤ ᠢᠨᠵᠧᠨᠧᠷᠢᠩ ᠤᠨ ᠬᠤᠯᠪᠣᠭᠳᠠᠯ ᠪᠦᠬᠦᠢ ᠦᠢᠯᠡᠴᠢᠯᠡᠭᠡ ᠶᠢ ᠬᠠᠩᠭᠠᠳᠠᠭ᠃ ᠲᠣᠰ ᠤᠳᠠᠭᠠᠨ ᠤ ᠵᠥᠪᠳᠡᠯᠴᠡᠭᠡᠨ ᠤ ᠲᠥᠷᠥᠯ ᠵᠦᠢᠯ ᠢ ᠠᠮᠵᠢᠯᠲᠠ ᠲᠠᠢ ᠨᠠᠶᠢᠳᠠᠪᠤᠷᠢᠵᠢᠭᠤᠯᠤᠭᠰᠠᠨ ᠨᠢ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠨᠡ ᠬᠤᠭᠤᠴᠠᠭᠠᠨ ᠳᠤ᠂ ᠸᠠᠩ ᠸᠠᠩ ᠱᠧᠩ ᠪᠠᠰᠠ ᠵᠦᠩ ᠨᠧᠩ ᠵᠢᠶᠠᠨ ᠪᠦᠯᠦᠭᠯᠡᠯ ᠤᠨ ᠵᠧᠵᠢᠶᠠᠩ ᠮᠤᠵᠢ ᠶᠢᠨ ᠴᠠᠬᠢᠯᠭᠠᠨ ᠬᠦᠴᠦᠨ ᠤ ᠵᠢᠷᠤᠭ ᠲᠥᠯᠥᠪᠯᠡᠭᠡᠨ ᠤ ᠬᠦᠷᠢᠶᠡᠯᠡᠩ ᠪᠣᠯᠤᠨ ᠶᠤᠸᠠᠨ ᠵᠢᠩ ᠪᠦᠯᠦᠭᠯᠡᠯ ᠯᠦᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠲᠤᠬᠠᠢ ᠨᠡᠪᠲᠡᠷᠡᠯᠴᠡᠨ ᠵᠥᠪᠳᠡᠯᠴᠡᠵᠦ᠂ ᠵᠧᠵᠢᠶᠠᠩ ᠤᠨ ᠶᠦᠨ ᠳ᠋ᠡ ᠰᠠᠯᠬᠢᠨ ᠬᠦᠴᠦᠨ ᠤ ᠴᠠᠬᠢᠯᠭᠠᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠭᠡᠳᠦ ᠳᠣᠣᠷᠠᠳᠤ ᠤᠷᠤᠰᠬᠠᠯ ᠤᠨ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠳᠡᠳ᠋ ᠳᠠᠷᠤᠭ᠎ᠠ ᠵᠣᠣ ᡁᠢ ᠭᠠᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ ᠬᠠᠮᠲᠤ ᠪᠠᠷ ᠠᠵᠢᠯᠯᠠᠭ᠎ᠠ ᠳᠤ ᠣᠷᠣᠯᠴᠠᠭᠰᠠᠨ ᠪᠥᠭᠡᠳ ᠠᠷᠠᠯᠵᠢᠶᠠᠴᠢᠨ ᠤᠷᠢᠵᠤ ᠤᠷᠢᠵᠤ ᠰᠢᠨᠵᠢᠯᠡᠨ ᠪᠠᠶᠢᠴᠠᠭᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号