ᠸᠠᠩ ᠸᠠᠩ ᠱᠧᠩ ᠬᠤᠩᠱᠠᠨ ᠲᠣᠭᠤᠷᠢᠭ᠂ ᠰᠦᠩᠱᠠᠨ ᠲᠣᠭᠤᠷᠢᠭ ᠲᠤ ᠬᠦᠷᠴᠦ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/5/8
4 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠬᠤᠩᠱᠠᠨ ᠲᠣᠭᠤᠷᠢᠭ᠂ ᠰᠦᠩᠱᠠᠨ ᠲᠣᠭᠤᠷᠢᠭ ᠲᠤ ᠬᠦᠷᠴᠦ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠪᠠ᠃  ᠸᠠᠩ ᠸᠠᠩ ᠱᠧᠩ ᠤᠷᠢᠳ ᠬᠤᠵᠢᠳ ᠤᠯᠠᠭᠠᠨᠬᠠᠳᠠ ᠶᠢᠨ ᠹᠦ᠋ ᠯᠤ᠋ ᠰᠢᠤᠸᠠᠨ ᠨᠠᠰᠤᠲᠠᠨ ᠢ ᠠᠰᠠᠷᠠᠬᠤ ᠬᠦᠷᠢᠶᠡᠯᠡᠩ᠂ ᠰᠦᠩᠱᠠᠨ ᠲᠣᠭᠤᠷᠢᠭ ᠤᠨ ᠡᠬᠡ ᠨᠢᠯᠬᠠᠰ ᠤᠨ ᠡᠷᠡᠭᠦᠯ ᠮᠡᠨᠳᠦ ᠶᠢ ᠬᠠᠮᠠᠭᠠᠯᠠᠬᠤ ᠡᠮᠨᠡᠯᠭᠡ ᠶᠢᠨ ᠬᠤᠷᠢᠶ᠎ᠠ ᠳᠤ ᠬᠦᠷᠴᠦ᠂ ᠲᠠᠷᠬᠠᠭᠠᠬᠤ ᠵᠠᠮ᠂ ᠠᠮᠤᠷ ᠲᠦᠪᠰᠢᠨ ᠭᠠᠷᠬᠤ ᠡᠭᠦᠳᠡ᠂ ᠳᠦᠷᠰᠦ ᠨᠡᠪᠲᠡᠷᠡᠭᠦᠯᠭᠡ ᠪᠠᠷ ᠬᠢᠨᠠᠨ ᠡᠵᠡᠮᠳᠡᠬᠦ ᠲᠠᠰᠤᠭ ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠶᠢ ᠪᠠᠶᠢᠴᠠᠭᠠᠨ ᠦᠵᠡᠵᠦ᠂ ᠡᠮᠨᠡᠯᠭᠡ ᠶᠢᠨ ᠬᠤᠷᠢᠶᠠᠨ ᠤ ᠣᠳᠣᠬᠢ ᠪᠠᠶᠢᠳᠠᠯ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠢᠯᠡᠷᠡᠭᠦᠯᠦᠭᠰᠡᠨ ᠠᠰᠠᠭᠤᠳᠠᠯ ᠵᠢᠴᠢ ᠳᠤᠲᠠᠭᠤᠳᠠᠯ ᠳᠤ ᠴᠢᠭᠯᠡᠭᠦᠯᠦᠨ ᠪᠣᠳᠠᠲᠠᠢ ᠱᠠᠭᠠᠷᠳᠠᠯᠭ᠎ᠠ ᠳᠤᠷᠠᠳᠴᠠᠢ᠃ ᠲᠡᠷᠡ᠂ ᠡᠯ᠎ᠡ ᠭᠠᠵᠠᠷ ᠣᠷᠣᠨ ᠪᠣᠯᠣᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠦ ᠶᠢᠨ ᠵᠣᠭᠰᠣᠯᠲᠠ ᠪᠠᠨ ᠦᠨᠡᠨᠬᠦ ᠳᠡᠭᠡᠭᠰᠢᠯᠡᠭᠦᠯᠵᠦ᠂ ᠠᠷᠠᠳ ᠲᠦᠮᠡᠨ ᠢ ᠬᠥᠨᠳᠦᠯᠡᠬᠦ᠂ ᠠᠮᠢ ᠨᠠᠰᠤ ᠶᠢ ᠬᠥᠨᠳᠦᠯᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠰᠠᠨᠠᠭᠠᠰᠢᠷᠠᠵᠤ᠂ ᠭᠠᠷ ᠲᠠᠭᠠᠨ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠨ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠣᠨᠴᠠ ᠶᠡᠭᠡ ᠠᠳᠠᠯ ᠭᠠᠷᠬᠤ ᠶᠢ ᠡᠷᠡᠰ ᠬᠤᠷᠢᠭᠯᠠᠨ᠂ ᠠᠷᠠᠳ ᠣᠯᠠᠨ ᠤ ᠠᠮᠢ ᠨᠠᠰᠤ ᠡᠷᠡᠭᠦᠯ ᠡᠩᠬᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠲᠠᠯᠠᠪᠤᠷ ᠭᠠᠵᠠᠷ ᠲᠤ ᠠᠩᠬᠠᠷᠤᠯ ᠢᠶᠠᠨ ᠲᠥᠪᠯᠡᠷᠡᠭᠦᠯᠦᠨ᠂ ᠪᠣᠯᠪᠠᠰᠤᠷᠠᠭᠤᠯᠤᠯ ᠤᠨ ᠪᠠᠶᠢᠭᠤᠯᠤᠮᠵᠢ᠂ ᠬᠤᠳᠠᠯᠳᠤᠭᠠᠨ ᠤ ᠲᠠᠯᠠᠪᠤᠷ ᠭᠠᠵᠠᠷ᠂ ᠠᠷᠠᠳ ᠠᠴᠠ ᠡᠵᠡᠩᠨᠡᠭᠰᠡᠨ ᠡᠮᠨᠡᠯᠭᠡ ᠶᠢᠨ ᠬᠤᠷᠢᠶ᠎ᠠ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠥᠷᠨᠢᠭᠦᠯᠵᠦ᠂ ᠲᠦᠭᠰᠢᠭᠦᠷᠢ ᠶᠢᠨ ᠳᠠᠯᠳᠠ ᠬᠡᠮ ᠢ ᠰᠢᠰᠲ᠋ᠧᠮ ᠲᠠᠢ ᠪᠠᠷ ᠡᠮᠬᠢᠯᠡᠨ ᠳᠢᠭᠯᠡᠵᠦ᠂ ᠬᠥᠪᠡᠭᠡ ᠬᠢᠵᠠᠭᠠᠷ ᠢ ᠦᠯᠡᠳᠡᠭᠡᠬᠦ ᠦᠭᠡᠢ᠂ ᠥᠨᠴᠥᠭ ᠪᠤᠯᠤᠩ ᠢ ᠣᠷᠬᠢᠭᠳᠠᠭᠤᠯᠬᠤ ᠦᠭᠡᠢ ᠪᠠᠶᠢᠬᠤ ᠶᠢ ᠪᠡᠶᠡᠯᠡᠭᠦᠯᠦᠨ᠂ ᠡᠯ᠎ᠡ ᠲᠥᠷᠥᠯ ᠤᠨ ᠭᠠᠯ ᠤᠨᠲᠠᠷᠠᠭᠠᠬᠤ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠴᠤᠬᠤᠶᠢᠵᠤ ᠪᠠᠶᠢᠭ᠎ᠠ ᠪᠠᠶᠢᠳᠠᠯ ᠳᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠨᠢᠭᠡ ᠠᠯᠬᠤᠮ ᠴᠢᠩᠳᠠᠯᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠨ ᠪᠣᠳᠠᠲᠠᠶᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠵᠢᠯᠴᠠᠬᠤ ᠶᠢ ᠴᠢᠩᠭᠠᠷᠠᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭ᠎ᠠ ᠪᠣᠳᠠᠲᠠᠢ ᠪᠠᠷ ᠠᠳᠬᠤᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠭᠠᠯ ᠤᠨᠲᠠᠷᠠᠭᠠᠬᠤ ᠪᠣᠳᠠᠲᠤ ᠪᠠᠶᠢᠯᠳᠤᠭᠠᠨ ᠤ ᠪᠣᠳᠠᠲᠤ ᠪᠣᠯᠪᠠᠰᠤᠷᠠᠭᠤᠯᠤᠯ ᠢ ᠪᠠᠶᠢᠩᠭᠤᠵᠢᠭᠤᠯᠤᠨ ᠥᠷᠨᠢᠭᠦᠯᠵᠦ᠂ ᠭᠠᠯ ᠤᠨᠲᠠᠷᠠᠭᠠᠬᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠡᠩᠨᠡᠭᠡ ᠶᠢᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠬᠤ ᠪᠣᠳᠠᠲᠤ ᠪᠠᠶᠢᠯᠳᠤᠭᠠᠨ ᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠤᠬᠠᠭᠤᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠮᠡᠳᠡᠯᠭᠡ ᠶᠢ ᠪᠥᠬᠦ ᠲᠠᠯ᠎ᠠ ᠪᠠᠷ ᠲᠦᠭᠡᠮᠡᠯᠵᠢᠭᠦᠯᠦᠨ᠂ ᠠᠷᠠᠳ ᠤᠯᠠᠨ ᠤ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠦᠵᠡᠯ ᠤᠬᠠᠮᠰᠠᠷ ᠪᠣᠯᠣᠨ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠡᠶᠢᠭᠡᠮ ᠤᠨ ᠲᠠᠯ᠎ᠠ ᠶᠢᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃  ᠬᠤᠲᠠ ᠶᠢᠨ ᠳᠡᠳ᠋ ᠳᠠᠷᠤᠭ᠎ᠠ ᠯᠢ ᠵᠢᠩ ᠵᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠴᠧᠨ ᠵᠢᠩ ᠬᠤᠸᠠ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号