ᠤᠩᠨᠢᠭᠤᠳ ᠬᠤᠰᠢᠭᠤ 2023 ᠤᠨ ᠳᠤ ᠨᠡᠶᠢᠭᠡᠮ ᠤᠨ ᠦᠢᠯᠡᠰ ᠢ ᠶᠡᠬᠡᠪᠡᠷ ᠬᠦᠭᠵᠢᠬᠦᠯᠬᠦ ᠪᠠᠷ  ᠪᠤᠢ
ᠨᠡᠶᠢᠲᠡᠯᠡᠭᠰᠡᠨ ᠴᠠᠭ᠄
2023/5/8
       ᠤᠩᠨᠢᠭᠤᠳ ᠬᠤᠰᠢᠭᠤ 2023 ᠤᠨ ᠳᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ ᠢ ᠨᠡᠶᠢᠳᠡᠮ ᠳᠤᠨᠢ ᠬᠠᠷᠠᠭᠠᠯᠵᠠᠵᠤ ᠬᠥᠭᠵᠢᠭᠦᠯᠦᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠠᠭᠤᠷᠢ ᠶᠢ ᠪᠠᠬᠢᠵᠢᠭᠦᠯᠵᠦ᠂ ᠥᠨᠳᠥᠷ ᠳᠤᠮᠳᠠᠳᠤ ᠶᠢᠨ ᠰᠤᠷᠭᠠᠨ ᠬᠥᠮᠦᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭᠲᠤ ᠬᠥᠭᠵᠢᠯᠲᠡ ᠶᠢ ᠠᠬᠢᠭᠤᠯᠵᠤ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠳᠠᠮᠵᠢᠨ ᠵᠢᠷᠤᠮᠵᠢᠭᠤᠯᠵᠤ᠂ ᠣᠩᠨᠢᠭᠤᠳ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ  ᠢ ᠳᠠᠬᠢᠨ ᠮᠠᠨᠳᠤᠭᠤᠯᠤᠨ᠎ᠠ᠃ ᠪᠣᠷᠣᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠵᠢᠴᠢ ᠬᠤᠭᠤᠯᠠᠨ ᠭᠡᠷ᠂ ᠬᠠᠶᠢᠯᠠᠰᠤ ᠶᠢᠨ ᠮᠣᠩᠭᠤᠯ ᠬᠡᠦᠬᠡᠳ ᠤᠨ ᠴᠡᠴᠡᠷᠯᠢᠭ᠂ ᠦᠳᠡ ᠶᠢᠨ ᠬᠤᠸᠠ ᠴᠡᠴᠡᠷᠯᠢᠭ ᠵᠡᠷᠭᠡ ᠲᠥᠷᠥᠯ ᠵᠦᠢᠯ ᠢ ᠡᠬᠢᠯᠡᠨ ᠬᠡᠷᠡᠭᠵᠢᠭᠦᠯᠵᠦ᠂ ᠪᠣᠷᠣᠬᠤᠲᠠ ᠶᠢᠨ ᠳᠣᠯᠣᠳᠤᠭᠠᠷ ᠪᠠᠭ᠎ᠠ ᠰᠤᠷᠭᠠᠭᠤᠯᠢ ᠪᠠ ᠳ᠋ᠠᠰᠢᠩ ᠪᠠᠭ᠎ᠠ ᠰᠤᠷᠭᠠᠭᠤᠯᠢ ᠶᠢᠨ ᠪᠠᠶᠢᠷᠢ ᠶᠢᠨ ᠠᠰᠠᠷ᠂ ᠰᠢᠨᠡᠰᠦ᠋ᠮ᠎ᠡ ᠪᠠᠭ᠎ᠠ ᠰᠤᠷᠭᠠᠭᠤᠯᠢ ᠶᠢᠨ ᠶᠡᠷᠦᠩᠬᠡᠶᠢᠯᠡᠭᠰᠡᠨ ᠠᠰᠠᠷ᠂  ᠰᠢᠨᠡᠰᠦ᠋ᠮ᠎ᠡ ᠬᠡᠦᠬᠡᠳ ᠤᠨ ᠴᠡᠴᠡᠷᠯᠢᠭ᠂ ᠵᠢᠶᠧ ᠹᠠᠩ ᠶᠢᠩ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ  ᠶᠢᠨ ᠠᠰᠠᠷ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠬᠤ ᠪᠠᠷ ᠪᠤᠢ  ᠃ ᠰᠤᠷᠭᠠᠨ ᠬᠥᠮᠦᠵᠢᠯ ᠤᠨ ᠪᠠᠶᠢᠷᠢᠰᠢᠯ ᠤᠨ ᠲᠣᠬᠢᠷᠠᠭᠤᠯᠤᠯᠲᠠ ᠶᠢ ᠬᠦᠴᠦᠲᠡᠶ ᠠᠬᠢᠭᠤᠯᠵᠤ᠂ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠠᠭᠰᠢ ᠶᠢᠨ ᠪᠦᠲᠦᠴᠡ ᠶᠢᠨ ᠴᠢᠨᠠᠷᠲᠠᠶ ᠣᠷᠣᠨ ᠲᠤᠭ᠎ᠠ ᠳᠤᠲᠠᠭᠳᠠᠬᠤ ᠠᠰᠠᠭᠤᠳᠠᠯ ᠢ ᠰᠢᠶᠳᠪᠦᠷᠢᠯᠡᠨ᠎ᠡ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂  ᠳᠤᠮᠳᠠᠳᠤ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ᠂ 《 ᠬᠤᠶᠠᠷ ᠢ ᠬᠥᠩᠭᠡᠷᠡᠭᠦᠯᠬᠦ 》 ᠵᠡᠷᠭᠡ ᠠᠵᠢᠯ ᠢ ᠵᠡᠷᠭᠡᠪᠡᠷ ᠰᠠᠶᠢᠲᠤᠷ ᠠᠳᠬᠤᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠭᠢᠯᠡᠨ᠎ᠡ  ᠃ ᠡᠷᠡᠭᠦᠯ ᠡᠩᠬᠡ ᠣᠩᠨᠢᠭᠤᠳ ᠬᠤᠰᠢᠭᠤᠨ ᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠴᠢᠤᠸᠠᠨ ᠨᠢᠩ᠂ ᠽᠢ ᠴᠧᠩ ᠨᠡᠶᠢᠭᠡᠮ ᠲᠣᠭᠤᠷᠢᠭ ᠤᠨ ᠡᠮᠴᠢᠯᠡᠭᠡ ᠰᠤᠪᠢᠯᠠᠯᠲᠠ ᠶᠢᠨ ᠦᠶᠯᠡᠴᠢᠯᠡᠭᠡᠨ ᠤ ᠲᠥᠪ ᠪᠣᠯᠤᠨ ᠴᠢᠶᠣᠤ ᠳᠧᠦ ᠡᠷᠡᠭᠦᠯ ᠬᠠᠮᠠᠭᠠᠯᠠᠯ ᠤᠨ ᠬᠤᠷᠢᠶ᠎ᠠ ᠶᠢ ᠨᠡᠭᠦᠯᠭᠡᠨ ᠪᠠᠶᠢᠭᠤᠯᠬᠤ ᠲᠥᠷᠥᠯ ᠵᠦᠶᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ ᠪᠠᠷ ᠴᠢᠷᠮᠠᠶᠢᠵᠤ᠂ ᠬᠤᠰᠢᠭᠤ ᠡᠮᠨᠡᠯᠭᠡ ᠶᠢᠨ ᠬᠤᠷᠢᠶ᠎ᠠ ᠶᠢ ᠥᠷᠭᠡᠳᠬᠡᠨ ᠪᠠᠶᠢᠭᠤᠯᠬᠤ᠂ ᠡᠪᠡᠳᠴᠢᠨ ᠢ ᠰᠡᠷᠭᠡᠶᠢᠯᠡᠨ ᠵᠠᠰᠠᠬᠤ ᠲᠥᠪ᠂ ᠬᠢᠵᠢᠭ ᠢ ᠰᠡᠷᠭᠡᠶᠢᠯᠡᠨ ᠡᠵᠡᠮᠳᠡᠬᠦ ᠲᠥᠪ᠂ ᠪᠠᠴᠢᠮ ᠪᠠᠶᠢᠳᠠᠯ ᠢ ᠠᠷᠭᠠᠴᠠᠭᠠᠬᠤ ᠡᠮᠴᠢᠯᠡᠭᠡᠨ ᠤ ᠠᠪᠤᠷᠠᠨ ᠵᠠᠰᠠᠬᠤ ᠲᠥᠪ ᠢ ᠪᠠᠶᠢᠭᠤᠯᠤᠨ ᠠᠰᠢᠭᠯᠠᠯᠲᠠ ᠳᠤ ᠣᠷᠣᠭᠤᠯᠤᠨ᠎ᠠ  ᠃ ᠡᠮᠴᠢᠯᠡᠭᠡᠨ ᠤ ᠬᠤᠯᠪᠣᠭᠠᠲᠤ ᠴᠣᠭᠴᠠ᠂ ᠡᠮᠴᠢᠯᠡᠭᠡᠨ ᠤ ᠬᠠᠮᠲᠤ ᠶᠢᠨ ᠴᠣᠭᠴᠠ ᠵᠢᠴᠢ ᠲᠤᠰᠬᠠᠶ ᠰᠠᠯᠠᠭ᠎ᠠ ᠲᠠᠰᠤᠭ ᠤᠨ ᠪᠠᠶᠢᠭᠤᠯᠤᠯᠲᠠ ᠶᠢ ᠴᠢᠩᠭᠠᠳᠬᠠᠵᠤ᠂ ᠰᠢᠶᠠᠩ ᠤᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠬᠢᠲᠠᠳ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠠᠭ ᠲᠤᠬᠠᠶ ᠳᠤᠨᠢ ᠮᠥᠷᠳᠡᠨ ᠰᠢᠯᠢᠳᠡᠭᠵᠢᠭᠦᠯᠵᠦ᠂ ᠡᠮᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠬᠦ ᠪᠠ ᠮᠠᠯᠵᠢᠬᠤ ᠲᠠᠷᠢᠶᠠᠯᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠵᠤ᠂ ᠸᠠᠺᠼᠢᠨ ᠤ ᠲᠠᠷᠢᠯᠭ᠎ᠠ ᠬᠢᠬᠦ ᠨᠣᠷᠮ᠎ᠠ ᠪᠠ ᠬᠦᠨᠳᠦ ᠡᠪᠡᠳᠴᠢᠲᠡᠨ ᠢ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮᠨᠡᠯᠭᠡ ᠶᠢᠨ ᠠᠵᠢᠯᠲᠠᠨ ᠢ ᠬᠠᠯᠠᠮᠵᠢᠯᠠᠬᠤ 《 ᠲᠤᠯᠤᠭᠠᠨ ᠵᠦᠶᠯ ᠤᠨ ᠠᠷᠭ᠎ᠠ ᠬᠡᠮᠵᠢᠶ᠎ᠡ 》 ᠶᠢ ᠲᠣᠭᠲᠠᠭᠠᠨ ᠨᠡᠶᠢᠲᠡᠯᠡᠵᠦ᠂ ᠡᠮᠨᠡᠯᠭᠡ ᠶᠢᠨ ᠠᠵᠢᠯᠲᠠᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ  ᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ  ᠃ ᠴᠢᠳᠠᠪᠤᠷᠢᠲᠠᠨ ᠢ ᠬᠥᠮᠦᠵᠢᠭᠦᠯᠬᠦ ᠪᠠ ᠣᠷᠣᠭᠤᠯᠤᠨ ᠠᠪᠴᠢᠷᠠᠬᠤ ᠠᠵᠢᠯ ᠢ ᠰᠠᠶᠢᠲᠤᠷ ᠬᠢᠵᠦ᠂ ᠰᠢᠨ᠎ᠡ ᠪᠠᠷ 430 ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠤᠷᠢᠨ ᠬᠡᠷᠡᠭᠯᠡᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ ᠶᠢᠨ ᠲᠠᠮᠢᠷ ᠤᠨ ᠴᠡᠴᠡᠷᠯᠢᠭ᠂ ᠤᠳᠠᠨᠲᠤᠬᠤᠢ ᠵᠢᠴᠢ ᠠᠰᠢᠬᠠᠨ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠠᠯᠠᠪᠠᠢ ᠣᠷᠳᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠤᠯᠠᠭᠠᠨᠮᠥ᠋ᠴᠢᠷ ᠤᠨ ᠣᠷᠳᠣᠨ᠂ ᠠᠵᠢᠯᠴᠢᠨ ᠤ ᠰᠣᠶᠣᠯ ᠤᠨ ᠣᠷᠳᠣᠨ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ  ᠃ ᠲᠡᠦᠬᠡ ᠶᠢᠨ ᠳᠤᠷᠠᠰᠬᠠᠯᠲᠤ ᠵᠦᠢᠯᠡᠰ ᠪᠣᠯᠤᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠬᠥᠭᠵᠢᠭᠦᠯᠬᠦ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ  ᠃  
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号