ᠤᠩᠨᠢᠭᠤᠳ ᠬᠤᠰᠢᠭᠤ ᠠᠵᠤ ᠦᠢᠯᠡᠳᠪᠦᠷᠢ ᠶᠢ ᠶᠡᠬᠡᠪᠡᠷ ᠠᠳᠬᠤᠬᠤ᠂ ᠠᠵᠤ ᠦᠢᠯᠡᠳᠪᠦᠷᠢ ᠶᠢᠨ ᠰᠢᠢᠳᠪᠦᠷᠢᠲᠦ ᠳᠠᠶᠢᠯᠠᠯᠳᠤᠭᠠᠨ ᠬᠢᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠥᠷᠭᠡᠳᠬᠡᠬᠦ ᠶᠢ ᠲᠦᠷᠭᠡᠳᠬᠡᠨ ᠠᠬᠢᠭᠤᠯᠵᠤ ᠪᠤᠢ
ᠨᠡᠶᠢᠲᠡᠯᠡᠭᠰᠡᠨ ᠴᠠᠭ᠄
2023/5/8
         ᠤᠩᠨᠢᠭᠤᠳ ᠬᠤᠰᠢᠭᠤ《 ᠠᠵᠤ ᠦᠶᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ 》 ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ 《 ᠠᠵᠤ ᠦᠶᠯᠡᠳᠪᠦᠷᠢ ᠶᠢ ᠶᠡᠬᠡᠪᠡᠷ ᠠᠳᠬᠤᠬᠤ 》 ᠢᠯᠡ ᠲᠣᠳᠣ ᠤᠳᠤᠷᠢᠳᠤᠮᠵᠢ ᠶᠢ ᠪᠣᠶ ᠪᠣᠯᠭᠠᠵᠤ᠂ ᠶᠡᠭᠡ ᠬᠡᠪᠴᠢᠶ᠎ᠡ ᠪᠠᠷ ᠬᠢᠬᠦ ᠶᠢ ᠪᠠᠷᠢᠮᠲᠠᠯᠠᠨ᠂ ᠪᠦᠲᠦᠴᠡ ᠶᠢ ᠰᠢᠯᠢᠳᠡᠭᠵᠢᠭᠦᠯᠵᠦ᠂ ᠬᠥᠲᠥᠴᠢ ᠶᠢ ᠬᠦᠴᠦᠷᠬᠡᠭᠵᠢᠭᠦᠯᠦᠨ᠂ ᠳᠤᠮᠳᠠ ᠵᠢᠵᠢᠭ ᠢ ᠠᠮᠢᠳᠤᠯᠢᠭᠵᠢᠭᠤᠯᠵᠤ᠂ ᠠᠵᠤ ᠦᠶᠯᠡᠳᠪᠦᠷᠢ ᠶᠢᠨ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠢ ᠦᠳᠲᠡᠷ ᠲᠦᠷᠭᠡᠨ ᠪᠤᠵᠠᠭᠠᠶᠢᠷᠠᠭᠤᠯᠵᠤ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠤᠭᠤᠴᠠᠭᠠᠨ ᠤ ᠰᠡᠭᠦᠯᠴᠢ ᠪᠣᠯᠬᠤ ᠳᠤ ᠳᠠᠬᠢᠨ ᠨᠢᠭᠡ 《 ᠣᠩᠨᠢᠭᠤᠳ ᠬᠤᠰᠢᠭᠤᠨ ᠤ ᠠᠵᠤ ᠦᠶᠯᠡᠳᠪᠦᠷᠢ 》 ᠶᠢ  ᠪᠠᠶᠢᠭᠤᠯᠬᠤ ᠪᠠᠷ  ᠴᠢᠷᠮᠠᠶᠢᠵᠤ ᠪᠤᠢ  ᠃ ᠤᠯᠠᠭᠠᠨᠬᠠᠳᠠ  ᠶᠢᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠭᠡᠭᠡᠯᠲᠡ ᠶᠢᠨ ᠲᠣᠭᠤᠷᠢᠭ ᠢ ᠠᠵᠤ ᠦᠶᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠭᠤᠣᠯ ᠰᠠᠭᠤᠷᠢᠨ ᠭᠠᠵᠠᠷ ᠪᠣᠯᠭᠠᠵᠤ᠂ ᠡᠮᠦᠨ᠎ᠡ ᠲᠣᠭᠤᠷᠢᠭ  ᠤᠨ ᠳᠤᠮᠳᠠ ᠪᠠᠭ᠎ᠠ ᠵᠢᠵᠢᠭ ᠠᠵᠤ ᠠᠬᠤᠢᠯᠠᠯ ᠤᠨ ᠦᠢᠯᠡᠰ ᠪᠣᠰᠬᠠᠬᠤ ᠬᠦᠷᠢᠶᠡᠯᠡᠩ ᠢ ᠲᠦᠷᠭᠡᠳᠬᠡᠨ ᠪᠠᠶᠢᠭᠤᠯᠵᠤ ᠳᠠᠭᠤᠰᠠᠬᠠᠨ᠂ ᠪᠠᠷᠢᠮᠵᠢᠶᠠᠵᠢᠭᠰᠠᠨ ᠦᠶᠯᠡᠳᠪᠦᠷᠢ ᠶᠢᠨ ᠭᠡᠷ ᠢ 10 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ  ᠪᠠᠷ ᠪᠠᠶᠢᠭᠤᠯᠤᠨ ᠠᠮᠢᠳᠤᠯᠢᠭᠵᠢᠭᠤᠯᠤᠨ᠎ᠠ᠂ 《 ᠣᠷᠣᠨ ᠪᠦᠰᠡ ᠶᠢᠨ ᠦᠨᠡᠯᠡᠯᠲᠡ + ᠪᠠᠷᠢᠮᠵᠢᠶᠠᠲᠤ ᠭᠠᠵᠠᠷ 》  ᠤᠨ ᠬᠡᠪ ᠵᠠᠭᠪᠤᠷ ᠢ ᠢᠳᠡᠪᠬᠢᠲᠡᠢ ᠬᠡᠷᠡᠭᠵᠢᠭᠦᠯᠵᠦ᠂ ᠵᠦᠩ ᠯᠢ ᠳᠡᠭᠡᠳᠦ ᠰᠢᠨᠵᠢᠯᠡᠭᠡ᠂ ᠮᠢᠩ ᠶᠠᠩ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠵᠡᠷᠭᠡ ᠠᠵᠤ ᠠᠬᠤᠢᠯᠠᠯ ᠤᠨ ᠲᠥᠷᠦᠯ ᠵᠦᠢᠯ ᠢ ᠣᠷᠣᠭᠤᠯᠤᠨ ᠠᠪᠴᠢᠷᠠᠨ᠎ᠠ  ᠃ ᠪᠥᠸᠧ ᠳ᠋ᠧ ᠸᠧᠢ ᠬᠡᠢ ᠪᠦᠷᠬᠦᠭᠦᠯ ᠤᠨ ᠦᠢᠯᠡᠳᠬᠦᠨ᠂ ᠲᠦᠩ ᠭᠤᠸᠠᠩ ᠳ᠋ᠦ᠋ ᠬᠥᠩᠭᠡᠨ ᠴᠠᠭᠠᠨ ᠤ ᠰᠠᠭᠤᠷᠢ ᠰᠢᠨ᠎ᠡ ᠮᠠᠲ᠋ᠧᠷᠢᠶᠠᠯ ᠵᠡᠷᠭᠡ ᠲᠥᠷᠥᠯ ᠵᠦᠢᠯ ᠢ ᠬᠡᠷᠡᠭᠵᠢᠭᠦᠯᠵᠦ᠂ ᠶᠤᠸᠠᠨ ᠵᠢᠩ ᠣᠶᠤᠨᠴᠢ ᠶᠡᠷᠦᠩᠬᠡᠢ ᠤᠭᠰᠠᠷᠠᠯᠲᠠ  ᠶᠢᠨ ᠰᠠᠭᠤᠷᠢᠨ ᠭᠠᠵᠠᠷ᠂ ᠯᠠᠩ ᠱᠧᠩ ᠡᠯᠧᠺᠲᠷᠣᠨ ᠮᠡᠷᠭᠡᠵᠢᠯ ᠤᠨ ᠥᠭᠡᠷᠡᠴᠢᠯᠡᠯᠲᠡ᠂ ᠳ᠋ᠠᠨ ᠸᠧ ᠪᠦᠳᠦᠭᠦᠯᠢᠭ ᠠᠮᠤ ᠨᠠᠷᠢᠯᠢᠭ ᠡᠳ᠋ᠰᠢᠭᠦᠯᠬᠦ᠂ ᠺᠠᠢ ᠶᠤᠸᠠᠨ ᠮᠠᠯ ᠠᠵᠤ ᠠᠬᠤᠢ ᠶᠢᠨ ᠡᠷᠳᠡᠨᠢ ᠰᠢᠰᠢ ᠶᠢᠨ ᠳᠠᠷᠤᠰᠢᠮᠠᠯ ᠢᠯᠲᠠᠰᠤ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ  ᠃ ᠰᠢᠨ᠎ᠡ ᠡᠨᠧᠷᠭᠢ ᠶᠢᠨ ᠬᠥᠭᠵᠢᠯᠲᠡ ᠶᠢ ᠴᠢᠩᠭ᠎ᠠ ᠠᠳᠬᠤᠵᠤ᠂ ᠰᠢᠨ᠎ᠡ ᠡᠨᠧᠷᠭᠢ ᠶᠢ  ︽ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ  ︾ ᠶᠢ ᠡᠬᠢᠯᠡᠭᠦᠯᠦᠨ᠎ᠡ᠂ ᠵᠢᠯ ᠤᠨ ᠳᠣᠲᠣᠷ᠎ᠠ 200 ᠲᠦᠮᠡᠨ ᠺᠢᠯᠣᠸᠠᠲ ᠠᠴᠠ ᠳᠡᠭᠡᠭᠰᠢ ᠰᠢᠨ᠎ᠡ ᠡᠨᠧᠷᠭᠢ ᠶᠢᠨ ᠲᠥᠷᠥᠯ ᠵᠦᠢᠯ ᠢ ᠬᠡᠷᠡᠭᠵᠢᠭᠦᠯᠬᠦ ᠪᠠᠷ ᠴᠢᠷᠮᠠᠶᠢᠨ᠎ᠠ᠃ ᠡᠭᠦᠨ ᠳᠤ ᠤᠯᠠᠭᠠᠨᠬᠠᠳᠠ ᠶᠢᠨ 100 ᠲᠦᠮᠡᠨ ᠺᠢᠯᠣᠸᠠᠲ ᠤᠨ ᠴᠥᠯᠡᠷᠬᠡᠭ ᠰᠠᠯᠬᠢ ᠭᠡᠷᠡᠯ ᠢᠶᠠᠷ ᠬᠠᠳᠠᠭᠠᠯᠠᠬᠤ ᠰᠠᠭᠤᠷᠢᠨ ᠭᠠᠵᠠᠷ  ᠂ ᠤᠯᠠᠭᠠᠨᠬᠠᠳᠠ ᠶᠢᠨ ᠳᠡᠭᠡᠳᠦ ᠰᠢᠨ᠎ᠡ ᠲᠣᠭᠤᠷᠢᠭ  ᠤᠨ ᠪᠣᠬᠢᠷᠲᠤᠯ ᠦᠭᠡᠢ ᠴᠠᠬᠢᠯᠭᠠᠨ ᠬᠠᠩᠭᠠᠯᠭ᠎ᠠ 45 ᠲᠦᠮᠡᠨ ᠺᠢᠯᠣᠸᠠᠲ᠂ ᠶᠤᠸᠠᠨ ᠵᠢᠩ ᠡᠨᠧᠷᠭᠢ ᠶᠢᠨ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠳᠠᠩ ᠨᠡᠭᠦᠷᠡᠰᠦᠲᠥ᠋ᠷᠥᠭᠴᠢᠲᠦ ᠤᠰᠤᠲᠥ᠋ᠷᠥᠭᠴᠢ ᠰᠢᠪᠲᠦᠷ ᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠬᠡᠪᠴᠢᠶ᠎ᠡ 37 . 5 ᠲᠦᠮᠡᠨ ᠺᠢᠯᠣᠸᠠᠲ᠂ ᠤᠯᠠᠭᠠᠨᠬᠠᠳᠠ ᠶᠢᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠴᠠᠬᠢᠯᠭᠠᠨ ᠭᠠᠷᠭᠠᠬᠤ ᠺᠣᠮᠫᠠᠨᠢ ᠶᠢᠨ 12 . 6 ᠲᠦᠮᠡᠨ ᠺᠢᠯᠣᠸᠠᠲ  ᠤᠨ ᠰᠠᠯᠬᠢᠨ ᠬᠦᠴᠦᠨ ᠤ ᠴᠠᠬᠢᠯᠭᠠᠨ ᠵᠢᠴᠢ ᠵᠢᠩ ᠨᠧᠩ ᠨᠡᠭᠦᠷᠡᠰᠦᠨ ᠴᠢᠯᠠᠭᠤᠨ ᠤ ᠴᠠᠬᠢᠯᠭᠠᠨ ᠦᠶᠯᠡᠳᠪᠦᠷᠢ ᠶᠢᠨ 11 ᠲᠦᠮᠡᠨ ᠺᠢᠯᠣᠸᠠᠲ ᠤᠨ ᠭᠡᠷᠡᠯ ᠴᠡᠨᠡᠭ ᠤᠨ ᠢᠯᠴᠢ ᠶᠢᠨ ᠴᠠᠬᠢᠯᠭᠠᠨ ᠤ ᠠᠮᠢᠳᠤᠯᠢᠭ ᠥᠭᠡᠷᠡᠴᠢᠯᠡᠯᠲᠡ ᠶᠢ ᠪᠠᠭᠲᠠᠭᠠᠨ ᠰᠢᠩᠭᠡᠭᠡᠬᠦ ᠰᠢᠨ᠎ᠡ ᠡᠨᠧᠷᠭᠢ ᠵᠡᠷᠭᠡ ᠲᠥᠷᠦᠯ ᠵᠦᠢᠯ᠂ ᠳ᠋ᠠ ᠲᠠᠩ ᠤᠨ ᠪᠠᠷᠠᠭᠤᠨ ᠲᠠᠯᠠᠪᠤᠷ ᠤᠨ ᠬᠤᠶᠠᠳᠤᠭᠠᠷ ᠬᠤᠭᠤᠴᠠᠭᠠᠨ ᠤ 20 ᠲᠦᠮᠡᠨ ᠺᠢᠯᠣᠸᠠᠲ᠂ ᠵᠦᠩ ᠭᠤᠸᠠᠩ ᠡᠾᠧ ᠶᠢᠨ 10 ᠲᠦᠮᠡᠨ ᠺᠢᠯᠣᠸᠠᠲ ᠰᠠᠯᠬᠢᠨ ᠴᠠᠬᠢᠯᠭᠠᠨ ᠤ ᠪᠦᠬᠦ ᠪᠠᠭᠲᠠᠭᠠᠮᠵᠢᠲᠤ ᠴᠠᠬᠢᠯᠭᠠᠨ ᠢ ᠲᠤᠤᠷ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠡᠬᠢᠯᠡᠨ ᠪᠠᠶᠢᠭᠤᠯᠤᠨ᠎ᠠ  ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠠᠭᠤᠷᠬᠠᠶ ᠬᠠᠶᠢᠬᠤ ᠨᠡᠮᠡᠵᠦ ᠨᠥᠭᠡᠴᠡᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ ᠸᠠᠩ ᠠᠭᠤᠷᠬᠠᠶ ᠶᠢᠨ ᠦᠶᠯᠡᠰ᠂ ᠬᠤᠸᠠ ᠤᠣ ᠭᠤᠸᠠᠩ ᠶᠤᠸᠠᠨ ᠠᠯᠲᠠ ᠮᠥᠩᠭᠦᠨ ᠤ ᠠᠭᠤᠷᠬᠠᠶ᠂ ᠴᠧᠩ ᠰᠢᠨ ᠠᠭᠤᠷᠬᠠᠶ ᠶᠢᠨ ᠦᠶᠯᠡᠰ ᠤᠨ ᠮᠡᠷᠭᠡᠵᠢᠯ ᠤᠨ ᠥᠭᠡᠷᠡᠴᠢᠯᠡᠯᠲᠡ ᠵᠡᠷᠭᠡ ᠲᠥᠷᠥᠯ ᠵᠦᠶᠯ ᠢ ᠲᠦᠷᠭᠡᠳᠬᠡᠨ ᠬᠡᠷᠡᠭᠵᠢᠭᠦᠯᠵᠦ᠂ ᠵᠥᠩ ᠭᠠᠩ᠂ ᠬᠤᠸᠠ ᠴᠤᠸᠠᠨ᠂ ᠱᠧᠩ ᠱᠢ ᠯᠢᠶᠠᠨ ᠬᠤᠸᠠ ᠵᠡᠷᠭᠡ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠣᠬᠢᠴᠠᠭᠤᠯᠤᠨ ᠠᠬᠢᠭᠤᠯᠤᠨ᠎ᠠ  ᠂ ᠵᠢᠵᠢᠭ ᠠᠭᠤᠷᠬᠠᠶ ᠶᠢ ᠬᠤᠯᠪᠣᠭᠠᠯᠠᠭᠤᠯᠵᠤ᠂ ᠲᠣᠮᠣ ᠠᠭᠤᠷᠬᠠᠶ ᠶᠢ ᠶᠡᠭᠡ ᠪᠠᠷ ᠨᠡᠭᠡᠭᠡᠬᠦ ᠶᠢ ᠪᠡᠶᠡᠯᠡᠭᠦᠯᠦᠨ᠎ᠡ᠃ ᠨᠡᠭᠡᠭᠡᠯᠲᠡ ᠶᠢᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ᠂ ᠬᠡᠢ ᠬᠠᠩᠭᠠᠬᠤ ᠲᠥᠷᠥᠯ ᠵᠦᠢᠯ ᠢ ᠡᠬᠢᠯᠡᠭᠦᠯᠵᠦ᠂ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠵᠠᠮ ᠵᠡᠷᠭᠡ ᠰᠠᠭᠤᠷᠢ ᠲᠥᠬᠦᠭᠡᠷᠦᠮᠵᠢ ᠶᠢ ᠪᠠᠶᠢᠭᠤᠯᠵᠤ᠂  ᠱᠤᠸᠠᠩ ᠴᠧᠩ ᠬᠦᠨᠳᠦ ᠠᠵᠤ ᠦᠶᠯᠡᠳᠪᠦᠷᠢ ᠵᠡᠷᠭᠡ ᠦᠶᠯᠡᠳᠪᠦᠷᠢᠯᠡᠵᠦ ᠪᠠᠶᠢᠭᠤᠯᠬᠤ ᠶᠢ ᠨᠢ ᠵᠣᠭᠰᠣᠭᠠᠭᠰᠠᠨ ᠠᠵᠤ ᠠᠬᠤᠶᠢᠯᠠᠯ ᠤᠨ ᠲᠥᠷᠥᠯ ᠵᠦᠶᠯ  ᠢ 3 ᠠᠴᠠ ᠳᠡᠭᠡᠭᠰᠢ ᠲᠠᠬᠢᠨ ᠪᠠᠶᠢᠭᠤᠯᠤᠨ ᠠᠮᠢᠯᠠᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ 6  ᠠᠴᠠ ᠳᠡᠭᠡᠭᠰᠢ ᠪᠣᠶᠢᠵᠢᠭᠤᠯᠤᠨ᠎ᠠ  ᠃ ᠨᠡᠭᠡᠭᠡᠯᠲᠡ ᠶᠢᠨ ᠲᠣᠭᠤᠷᠢᠭ ᠤᠨ ᠬᠡᠮᠵᠢᠶ᠎ᠡ ᠪᠠᠨ ᠨᠡᠮᠡᠭᠳᠡᠭᠦᠯᠦᠨ ᠴᠠᠬᠢᠯᠭᠠᠨ ᠲᠣᠬᠢᠷᠠᠭᠤᠯᠬᠤ ᠲᠥᠷᠥᠯ ᠵᠦᠢᠯ ᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠴᠠᠬᠢᠯᠭᠠᠨ ᠤ ᠦᠨ᠎ᠡ ᠶᠢᠨ 《 ᠬᠢᠮᠳᠠᠷᠠᠯᠲᠠ  ︾ ᠶᠢ ᠪᠣᠶ ᠪᠣᠯᠭᠠᠨ᠂ ᠨᠡᠭᠡᠭᠡᠯᠲᠡ ᠶᠢᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠲᠠᠬᠤ ᠬᠦᠴᠦᠨ᠂ ᠥᠷᠢᠰᠥᠯᠳᠦᠬᠦ ᠬᠦᠴᠦᠨ ᠢ ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ  ᠶᠢᠨ ᠳᠠᠪᠠᠭᠤᠯᠢᠭ ᠢ ᠴᠤᠭᠯᠠᠷᠠᠭᠤᠯᠤᠨ᠎ᠠ  ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号