ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠲᠥᠪᠯᠡᠷᠡᠭᠦᠯᠵᠦ ︽ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ︾ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠵᠦ ᠪᠤᠢ
ᠨᠡᠶᠢᠲᠡᠯᠡᠭᠰᠡᠨ ᠴᠠᠭ᠄
2023/6/14
             ︽4 ᠰᠠᠷ᠎ᠠ ᠠᠴᠠ ᠨᠠᠭᠠᠰᠢ᠂ ᠪᠢᠳᠡ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠬᠦ ᠡᠷᠴᠢᠮ ᠢᠶᠠᠨ ᠴᠢᠩᠭᠠᠷᠠᠭᠤᠯᠵᠤ᠂ ᠤᠷᠢᠳ ᠬᠤᠵᠢᠳ ᠪᠤᠭᠤᠲᠤ᠂ ᠦᠬᠠᠢ᠂ ᠲᠦᠩᠯᠢᠶᠣᠣ ᠵᠡᠷᠭᠡ ᠭᠠᠵᠠᠷ ᠢᠶᠠᠷ ᠬᠦᠷᠴᠦ᠂ ᠰᠤᠮᠤ ᠰᠢᠶᠠᠩ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠡᠯ᠎ᠡ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠬᠠᠤᠯᠢ ᠴᠠᠭᠠᠵᠠ ᠶᠢᠨ ᠭᠠᠵᠠᠷ ᠤᠨ ᠵᠠᠷᠤᠳᠠᠯ ᠤᠨ ᠪᠠᠲᠤᠯᠠᠭ᠎ᠠ ᠬᠦᠷᠦᠯᠴᠡᠬᠦ ᠦᠭᠡᠢ ᠪᠠᠶᠢᠬᠤ ᠠᠰᠠᠭᠤᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠵᠥᠪᠳᠡᠯᠴᠡᠨ ᠰᠢᠢᠳᠪᠦᠷᠢᠯᠡᠬᠦ ᠠᠷᠭ᠎ᠠ ᠭᠠᠷᠭᠠᠪᠠ︾ ᠭᠡᠵᠦ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠳᠡᠳ᠋ ᠡᠷᠭᠢᠯᠡᠭᠴᠢ ᠶᠠᠨ ᠰᠢᠶᠣᠣ ᠵᠢᠶᠦ᠋ᠨ ᠬᠡᠯᠡᠨ᠎ᠡ᠃ ᠲᠡᠷᠡ᠄ ︽ᠡᠨᠡ ᠬᠡᠳᠦᠨ ᠡᠳᠦᠷ᠂ ᠪᠢᠳᠡ ᠪᠠᠰᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠲᠠᠢ ᠬᠠᠮᠲᠤᠷᠠᠵᠤ᠂ ᠬᠠᠤᠯᠢ ᠴᠠᠭᠠᠵᠠ ᠶᠢᠨ ᠭᠠᠵᠠᠷ᠂ ᠲᠣᠮᠢᠯᠠᠭᠰᠠᠨ ᠰᠠᠯᠪᠤᠷᠢ᠂ ᠠᠷᠠᠳ ᠤᠨ ᠰᠢᠭᠦᠬᠦ ᠲᠢᠩᠬᠢᠮ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠪᠣᠯᠣᠨ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠤᠨ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠵᠥᠷᠢᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠦᠨᠳᠦᠰᠦᠨ ᠱᠠᠲᠤᠨ ᠳᠤ ᠰᠢᠢᠳᠪᠦᠷᠢᠯᠡᠵᠦ᠂ ᠵᠥᠷᠢᠴᠡᠯ ᠪᠠᠭ᠎ᠠ ᠪᠠᠶᠢᠬᠤ ᠳᠤ ᠰᠢᠢᠳᠪᠦᠷᠢᠯᠡᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠪᠠᠲᠤᠯᠠᠵᠤ ᠪᠠᠶᠢᠨ᠎ᠠ︾ ᠭᠡᠵᠦ ᠲᠠᠨᠢᠯᠴᠠᠭᠤᠯᠤᠨ᠎ᠠ᠃ ᠭᠤᠣᠯ ᠰᠡᠳᠦᠪᠲᠦ ᠬᠥᠮᠦᠵᠢᠯ ᠤᠨ ᠠᠵᠢᠯ ᠢ ᠡᠬᠢᠯᠡᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠢ ᠦᠳᠲᠡᠷ ᠲᠦᠷᠭᠡᠨ ᠪᠠᠶᠢᠭᠤᠯᠵᠤ᠂ ᠬᠡᠷᠡᠭᠵᠢᠭᠦᠯᠬᠦ ᠲᠥᠰᠥᠯ ᠢ ᠨᠡᠶᠢᠲᠡᠯᠡᠨ ᠭᠤᠣᠯ ᠰᠡᠳᠦᠪᠲᠦ ᠬᠥᠮᠦᠵᠢᠯ ᠤᠨ ᠠᠵᠢᠯ ᠤᠨ ᠬᠤᠷᠠᠯ ᠢ ᠬᠤᠷᠠᠯᠳᠤᠭᠤᠯᠵᠤ᠂ ᠪᠠᠶᠢᠴᠠᠭᠠᠨ ᠰᠤᠳᠤᠯᠬᠤ ᠰᠡᠳᠦᠪ ᠤᠨ ᠨᠠᠷᠢᠨ ᠳᠠᠩᠰᠠ ᠶᠢ ᠲᠣᠭᠲᠠᠭᠠᠨ ᠬᠠᠮᠢᠶᠠᠷᠬᠤ᠂ ᠠᠯᠬᠤᠮ ᠳᠠᠷᠠᠭ᠎ᠠ ᠲᠠᠢ ᠪᠠᠷ ᠠᠬᠢᠭᠤᠯᠬᠤ ᠵᠡᠷᠭᠡ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ ᠪᠤᠢ᠃ ᠢᠲᠡᠭᠡᠯ ᠪᠢᠰᠢᠷᠡᠯ ᠤᠨ ᠰᠠᠭᠤᠷᠢ ᠶᠢ ᠪᠠᠲᠤ ᠴᠣᠭᠴᠠᠯᠠᠵᠤ᠂ ᠤᠶᠤᠨ ᠰᠠᠨᠠᠭᠠᠨ ᠪ᠊ ᠰᠢᠮ᠎ᠡ ᠶᠢ ᠭᠦᠢᠴᠡᠳ ᠨᠥᠬᠦᠪᠦᠷᠢᠯᠡᠵᠦ᠂ ᠦᠵᠡᠯ ᠰᠠᠨᠠᠭᠠᠨ ᠤ ᠴᠢᠭᠯᠡᠯ ᠢ ᠯᠠᠪᠳᠠᠭᠤᠨ ᠡᠵᠡᠮᠳᠡᠪᠡ ᠃ ᠭᠤᠣᠯ ᠰᠡᠳᠦᠪᠲᠦ ᠬᠥᠮᠦᠵᠢᠯ ᠤᠨ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠭᠤᠣᠯ ᠰᠡᠳᠦᠪᠲᠦ ᠬᠥᠮᠦᠵᠢᠯ ᠤᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠲᠤᠰᠬᠠᠢ ᠰᠡᠳᠦᠪᠲᠦ ᠰᠤᠷᠤᠯᠴᠠᠯᠭ᠎ᠠ ᠶᠢᠨ ᠰᠤᠳᠤᠯᠤᠨ ᠶᠠᠷᠢᠯᠴᠠᠬᠤ ᠬᠤᠷᠠᠯ ᠢ 4 ᠤᠳᠠᠭ᠎ᠠ ᠬᠤᠷᠠᠯᠳᠤᠭᠤᠯᠵᠤ᠂ ᠪᠦᠭᠦ ᠰᠢᠰᠲ᠋ᠧᠮ ᠢᠶᠠᠷ ᠢᠶᠠᠨ ᠭᠤᠣᠯ ᠳᠤᠭᠤᠶᠢᠯᠠᠩ ᠢ ᠵᠣᠬᠢᠶᠠᠨ ᠪᠠᠶᠢᠭᠤᠯᠤᠨ 29 ᠤᠳᠠᠭ᠎ᠠ ᠰᠤᠷᠤᠯᠴᠠᠵᠤ᠂ ᠨᠣᠮ ᠤᠩᠰᠢᠬᠤ ᠠᠩᠭᠢ ᠶᠢ 24 ᠬᠤᠭᠤᠴᠠᠭ᠎ᠠ ᠡᠷᠭᠢᠯᠡᠵᠦ᠂ 346 ᠨᠠᠮ ᠤᠨ ᠡᠭᠦᠷ 691 ᠤᠳᠠᠭ᠎ᠠ ᠵᠣᠬᠢᠶᠠᠨ ᠪᠠᠶᠢᠭᠤᠯᠤᠨ ᠰᠤᠷᠤᠯᠴᠠᠵᠤ᠂ 983 ᠬᠤᠪᠢ ᠣᠯᠣᠯᠲᠠ ᠲᠥᠷᠥᠭᠳᠡᠯ ᠲᠤᠰᠢᠶᠠᠪᠠ︔ ᠭᠤᠤᠯ ᠰᠡᠳᠦᠪᠲᠦ ᠬᠥᠮᠦᠵᠢᠯ ᠤᠨ ᠡᠷᠭᠢᠯᠡᠭᠴᠢ ᠶᠢᠨ ᠠᠵᠢᠯ ᠤᠨ ᠬᠤᠷᠠᠯ᠂ ᠲᠣᠬᠢᠷᠠᠭᠤᠯᠤᠯᠲᠠ ᠶᠢᠨ ᠬᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯᠳᠤᠭᠤᠯᠵᠤ᠂ ᠡᠯ᠎ᠡ ᠨᠢᠭᠡᠴᠢ ᠶᠢᠨ ᠭᠤᠣᠯ ᠰᠡᠳᠦᠪᠲᠦ ᠬᠥᠮᠦᠵᠢᠯ ᠤᠨ ᠠᠵᠢᠯ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠤᠳᠠᠲᠠᠶᠢᠵᠢᠭᠤᠯᠪᠠ︔ ᠵᠢᠭᠠᠨ ᠰᠤᠷᠭᠠᠬᠤ᠂ ᠰᠤᠷᠤᠯᠴᠠᠬᠤ᠂ ᠪᠣᠯᠪᠠᠰᠤᠷᠠᠬᠤ᠂ ᠰᠢᠯᠭᠠᠬᠤ ᠲᠠᠪᠤᠨ ᠲᠠᠯ᠎ᠠ ᠪᠠᠷ ᠬᠦᠴᠦᠯᠡᠵᠦ᠂ ᠨᠠᠮ ᠤᠨ ᠲᠥᠪ ᠬᠤᠷᠢᠶᠠᠨ ᠤ ᠲᠣᠭᠲᠠᠭᠠᠭᠰᠠᠨ ᠰᠤᠷᠤᠯᠴᠠᠬᠤ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ 10 ᠰᠤᠷᠤᠯᠴᠠᠬᠤ ᠲᠤᠰᠬᠠᠢ ᠰᠡᠳᠦᠪ ᠭᠠᠷᠭᠠᠵᠤ᠂ ᠬᠠᠭᠠᠰ ᠰᠠᠷ᠎ᠠ ᠪᠦᠷᠢ ᠳᠤ ᠨᠢᠭᠡ ᠤᠳᠠᠭ᠎ᠠ ᠲᠥᠪᠯᠡᠷᠡᠭᠦᠯᠦᠨ ᠰᠤᠷᠤᠯᠴᠠᠵᠤ ᠰᠤᠳᠤᠯᠤᠨ ᠶᠠᠷᠢᠯᠴᠠᠵᠤ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠵᠤ ᠦᠨᠡᠨ ᠬᠦ ᠢᠲᠡᠭᠡᠵᠦ ᠦᠨᠡᠨ ᠬᠦ ᠬᠡᠷᠡᠭᠯᠡᠬᠦ ᠶᠢ ᠪᠡᠶᠡᠯᠡᠭᠦᠯᠪᠡ᠃ ︽ᠰᠦᠯᠵᠢᠶᠡᠨ ᠳᠡᠭᠡᠷ᠎ᠡ + ᠠᠬᠤᠢ ᠲᠠᠯᠠᠪᠠᠢ︾ ᠶᠢ ᠨᠢᠭᠡ ᠴᠣᠭᠴᠠᠵᠢᠭᠤᠯᠤᠨ ᠠᠬᠢᠭᠤᠯᠬᠤ᠂ ︽ᠥᠪᠡᠰᠦᠪᠡᠨ ᠰᠤᠷᠤᠯᠴᠠᠬᠤ + ᠬᠠᠪᠰᠤᠷᠤᠨ ᠵᠢᠯᠤᠭᠤᠳᠬᠤ︾ ᠳᠤ ᠠᠳᠠᠯᠢ ᠴᠢᠭᠯᠡᠯ ᠢᠶᠠᠷ ᠬᠦᠴᠦᠯᠡᠵᠦ᠂ ︽ᠰᠤᠳᠤᠯᠤᠨ ᠶᠠᠷᠢᠯᠴᠠᠬᠤ + ᠦᠢᠯᠡᠳᠦᠯᠭᠡᠵᠢᠭᠦᠯᠦᠨ ᠰᠤᠷᠤᠯᠴᠠᠬᠤ︾ ᠶᠢ ᠪᠦᠲᠦᠮᠵᠢᠲᠡᠢ ᠨᠡᠪᠲᠡᠷᠡᠯᠴᠡᠭᠦᠯᠬᠦ ᠪᠠᠷ ᠳᠠᠮᠵᠢᠭᠤᠯᠤᠨ᠂ ᠨᠠᠮ ᠤᠨ ᠭᠡᠰᠢᠭᠦᠨ ᠺᠠᠳ᠋ᠷᠴᠤᠳ ᠤᠨ ᠴᠢᠭᠯᠡᠯ ᠢ ᠲᠣᠳᠣᠷᠬᠠᠶᠢᠯᠠᠨ᠂ ᠰᠡᠵᠢᠭ ᠢ ᠠᠯᠳᠠᠷᠠᠭᠠᠵᠤ᠂ ᠲᠣᠭᠲᠠᠯ ᠬᠦᠴᠦᠨ ᠢ ᠴᠢᠩᠭᠠᠷᠠᠭᠤᠯᠵᠤ᠂ ᠦᠢᠯᠡᠳᠦᠯᠭᠡᠵᠢᠭᠦᠯᠬᠦ ᠠᠬᠢᠴᠠ ᠶᠢ ᠲᠦᠷᠭᠡᠳᠬᠡᠪᠡ᠃ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠠᠵᠢᠯ ᠢᠶᠠᠷ ᠦᠢᠯᠡᠳᠦᠯᠭᠡᠵᠢᠭᠦᠯᠬᠦ ᠶᠢ ᠠᠬᠢᠭᠤᠯᠪᠠ᠃ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ︽ᠪᠦᠭᠦ ᠣᠷᠣᠨ ᠤ ᠰᠢᠭᠤᠳ ᠬᠠᠷᠢᠶ᠎ᠠ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠳᠤ ᠶᠡᠭᠡ ᠪᠠᠷ ᠪᠠᠶᠢᠴᠠᠭᠠᠨ ᠰᠤᠳᠤᠯᠤᠯᠲᠠ ᠬᠢᠬᠦ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠬᠦᠴᠢᠷ ᠲᠦᠪᠡᠭ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠴᠠᠭᠠᠨ ᠰᠤᠳᠤᠯᠤᠯᠲᠠ ᠶᠢᠨ ᠰᠡᠳᠦᠪ ᠢ 282 ᠲᠣᠭᠲᠠᠭᠠᠵᠤ᠂ 10 ᠠᠵᠢᠯᠯᠠᠬᠤ ᠳᠤᠭᠤᠶᠢᠯᠠᠩ ᠪᠦᠷᠢᠯᠳᠦᠭᠦᠯᠵᠦ 69 ᠣᠷᠣᠨ ᠤ ᠰᠢᠭᠤᠳ ᠬᠠᠷᠢᠶ᠎ᠠ ᠨᠢᠭᠡᠴᠢ ᠳᠤ ᠭᠦᠨᠵᠡᠭᠡᠶᠢᠷᠡᠨ 220 ᠵᠤᠷᠪᠤᠰ ᠰᠠᠨᠠᠯ ᠬᠤᠷᠢᠶᠠᠪᠠ︔ ᠬᠠᠤᠯᠢ ᠴᠠᠭᠠᠵᠠ ᠶᠢᠨ ᠭᠠᠵᠠᠷ᠂ ᠬᠠᠤᠯᠢᠴᠢ ᠶᠢᠨ ᠬᠡᠷᠡᠭ ᠡᠷᠭᠢᠯᠡᠭᠦ ᠭᠠᠵᠠᠷ᠂ ᠠᠷᠠᠳ ᠤᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠵᠡᠷᠭᠡ ᠡᠮᠦᠨ᠎ᠡ ᠹᠷᠣᠨᠲ ᠤᠨ ᠨᠢᠭᠡᠴᠢ ᠳᠤ 101 ᠬᠥᠮᠥᠨ ᠤᠳᠠᠭ᠎ᠠ ᠭᠦᠨᠵᠡᠭᠡᠶᠢᠷᠡᠵᠦ᠂ 44 ᠠᠰᠠᠭᠤᠳᠠᠯ ᠢ ᠢᠯᠡᠷᠡᠭᠦᠯᠵᠦ᠂ 50 ᠵᠤᠷᠪᠤᠰ ᠰᠢᠢᠳᠪᠦᠷᠢᠯᠡᠬᠦ ᠠᠷᠭ᠎ᠠ ᠳᠤᠷᠠᠳᠪᠠ᠃ ᠭᠤᠣᠯ ᠰᠡᠳᠦᠪᠲᠦ ᠬᠥᠮᠦᠵᠢᠯ ᠤᠨ ᠠᠵᠢᠯ ᠤᠨ ᠳᠤᠮᠳᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠢᠮᠠᠭᠲᠠ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠶᠢ ᠭᠤᠣᠯ ᠰᠡᠳᠦᠪᠲᠦ ᠬᠥᠮᠦᠵᠢᠯ ᠤᠨ ᠴᠢᠬᠤᠯᠠ ᠠᠭᠤᠯᠭ᠎ᠠ ᠪᠠᠨ ᠪᠣᠯᠭᠠᠵᠤ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠪᠡ᠃ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠪᠠᠭᠤᠯᠭᠠᠬᠤ︾ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ᠂ ᠣᠯᠠᠨ ᠲᠦᠮᠡᠨ ᠤ ᠬᠠᠤᠯᠢᠵᠢᠯ ᠤᠨ ᠤᠬᠠᠮᠰᠠᠷ ᠢ ᠳᠡᠭᠡᠭᠰᠢᠯᠡᠭᠦᠯᠪᠡ︔ ︽ᠬᠠᠤᠯᠢ ᠴᠠᠭᠠᠵᠠ ᠶᠢᠨ ᠲᠤᠰᠠᠯᠠᠮᠵᠢ ᠬᠢᠵᠦ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠰᠢᠷᠢᠰ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠥᠯᠥᠰᠦᠨ ᠲᠠᠷᠢᠶᠠᠴᠢᠳ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠪᠠ ᠁ ᠠᠷᠠᠳ ᠲᠦᠮᠡᠨ ᠳᠤ ᠦᠢᠯᠡᠴᠢᠯᠡᠬᠦ ᠳᠤ ᠬᠠᠮᠤᠭ ᠰᠠᠶᠢᠨ ᠭᠡᠵᠦ ᠪᠠᠶᠢᠳᠠᠭ ᠦᠭᠡᠢ᠂ ᠵᠥᠪᠬᠡᠨ ᠨᠠᠩ ᠰᠠᠶᠢᠨ ᠢ ᠬᠥᠭᠡᠭᠡᠴᠡᠯᠳᠦᠨ᠎ᠡ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠪᠠᠰᠠ ᠦᠢᠯᠡᠴᠢᠯᠡᠬᠦ ᠮᠠᠶ᠋ᠢᠭ ᠤᠨ ᠪᠠᠶᠢᠭᠤᠯᠭ᠎ᠠ ᠶᠢ ᠪᠠᠶᠢᠭᠤᠯᠬᠤ ᠲᠤᠬᠠᠢ ᠰᠠᠨᠠᠯ ᠢ ᠳᠠᠷᠤᠮᠠᠯᠯᠠᠨ ᠲᠠᠷᠬᠠᠭᠠᠵᠤ᠂ ︽ᠶᠢᠰᠦᠨ ᠶᠡᠭᠡ ᠦᠢᠯᠡᠴᠢᠯᠡᠭᠡᠨ ᠤ ᠲᠣᠭᠲᠠᠴᠠ︾ ᠶᠢ ᠪᠠᠶᠢᠭᠤᠯᠬᠤ ᠪᠠᠷ ᠤᠳᠤᠷᠢᠳᠤᠮᠵᠢ ᠪᠣᠯᠭᠠᠨ᠂ ᠭᠤᠣᠯ ᠡᠭᠦᠷᠭᠡ ᠲᠠᠢ ᠤᠶᠠᠯᠳᠤᠭᠤᠯᠤᠨ᠂ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠬᠤᠪᠢᠷᠠᠭᠤᠯᠬᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠬᠦ ᠪᠠᠷ ᠠᠵᠢᠯ ᠢᠶᠠᠨ ᠠᠬᠢᠭᠤᠯᠬᠤ ᠭᠠᠷᠳᠠᠴᠠ᠂ ᠠᠰᠠᠭᠤᠳᠠᠯ ᠢ ᠰᠢᠢᠳᠪᠦᠷᠢᠯᠡᠬᠦ ᠬᠦᠴᠦᠯᠡᠬᠦ ᠴᠡᠭ ᠪᠣᠯᠭᠠᠵᠤ᠂ ᠦᠨᠳᠦᠰᠦᠨ ᠱᠠᠲᠤᠨ ᠳᠤ ᠦᠢᠯᠡᠴᠢᠯᠡᠬᠦ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠪᠠᠲᠤ ᠴᠢᠩᠭ᠎ᠠ ᠬᠠᠤᠯᠢᠵᠢᠯ ᠤᠨ ᠪᠠᠲᠤᠯᠠᠭ᠎ᠠ ᠬᠠᠩᠭᠠᠨ᠎ᠠ᠃ ︽ᠳᠠᠷᠠᠭᠠᠴᠢ ᠪᠠᠷ᠂ ᠪᠢᠳᠡ ᠡᠯ᠎ᠡ ᠠᠶᠢᠮᠠᠭ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢ ᠬᠥᠲᠥᠯᠥᠨ ᠵᠢᠯᠤᠭᠤᠳᠴᠤ᠂ ᠵᠤᠷᠪᠤᠰ ᠳᠠᠷᠠᠭᠠᠯᠠᠨ ᠪᠠᠷᠢᠮᠵᠢᠶᠠᠯᠠᠨ ᠬᠠᠷᠭᠤᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠦᠢᠯᠡᠴᠢᠯᠡᠭᠡᠨ ᠤ ᠬᠡᠯᠪᠡᠷᠢ ᠶᠢᠨ ᠪᠠᠶᠢᠭᠤᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠪᠣᠳᠠᠲᠠᠢ ᠠᠵᠢᠯᠯᠠᠨ ᠦᠨᠡᠨᠬᠦ ᠦᠷ᠎ᠡ ᠪᠦᠲᠦᠮᠵᠢ ᠭᠠᠷᠭᠠᠵᠤ᠂ ᠬᠢᠷᠢ ᠲᠡᠩᠴᠡᠭᠰᠡᠨ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠸᠠᠩ ᠫᠢᠩ ᠬᠡᠯᠡᠯ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号