| | ᠮᠠᠯᠵᠢᠬᠤ ᠲᠠᠷᠢᠶᠠᠯᠠᠬᠤ ᠣᠷᠣᠨ ᠤ ᠬᠠᠤᠯᠢ ᠴᠠᠭᠠᠵᠠ ᠶᠢᠨ ᠡᠬᠢ ᠪᠠᠶᠠᠯᠢᠭ ᠬᠦᠷᠦᠯᠴᠡᠬᠦ ᠦᠭᠡᠢ | ᠪᠠᠶᠢᠬᠤ ᠠᠰᠠᠭᠤᠳᠠᠯ ᠢ ᠰᠢᠢᠳᠪᠦᠷᠢᠯᠡᠵᠦ᠂ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ︾ | ᠠᠵᠢᠯᠯᠠᠭ᠎ᠠ ᠶᠢ ᠥᠷᠨᠢᠭᠦᠯᠦᠭᠰᠡᠨ ᠦᠷ᠎ᠡ ᠪᠦᠲᠦᠮᠵᠢ ᠶᠢ ᠪᠠᠬᠢᠵᠢᠭᠦᠯᠬᠦ ᠶᠢᠨ ᠲᠤᠰᠠᠳᠠ᠂ 5 ᠳ᠋ᠤᠭᠠᠷ ᠰᠠᠷ᠎ᠠ ᠶᠢᠨ 8 ᠤ | ᠡᠳᠦᠷ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ﹀ ᠠᠵᠢᠯᠯᠠᠭ᠎ᠠ ᠶᠢ | ᠪᠠᠶᠢᠩᠭᠤᠵᠢᠭᠤᠯᠬᠤ ᠠᠵᠢᠯ ᠤᠨ ᠳᠦᠷᠢᠮ︾ ︵ᠳᠣᠷᠣᠭᠰᠢ ︽ᠪᠠᠶᠢᠩᠭᠤᠵᠢᠭᠤᠯᠬᠤ ᠠᠵᠢᠯ ᠤᠨ ᠳᠦᠷᠢᠮ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠬᠠᠤᠯᠢᠴᠢ ᠶᠢᠨ ᠮᠠᠯᠴᠢᠳ ᠲᠠᠷᠢᠶᠠᠴᠢᠳ ᠲᠤ ᠦᠢᠯᠡᠴᠢᠯᠡᠬᠦ | ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠬᠦᠴᠦᠯᠡᠨ ᠪᠠᠲᠤᠯᠠᠵᠤ ᠪᠠᠶᠢᠨ᠎ᠠ᠃ ︽ᠪᠠᠶᠢᠩᠭᠤᠵᠢᠭᠤᠯᠬᠤ | ᠠᠵᠢᠯ ᠤᠨ ᠳᠦᠷᠢᠮ︾ ᠳᠤ᠂ ᠡᠯ᠎ᠡ ᠱᠠᠲᠤᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ᠂ | ᠬᠠᠤᠯᠢᠴᠢ ᠶᠢᠨ ᠨᠡᠶᠢᠭᠡᠮᠯᠢᠭ ᠠᠴᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠦᠢᠯᠡᠴᠢᠯᠡᠬᠦ ᠡᠲᠡᠭᠡᠳ ᠲᠠᠢ ᠪᠠᠨ | ᠰᠠᠨᠠᠭᠠᠴᠢᠯᠠᠭ᠎ᠠ ᠠᠴᠠ ᠪᠠᠨ ᠠᠵᠢᠯ ᠤᠨ ᠬᠠᠷᠢᠯᠴᠠᠭ᠎ᠠ ᠪᠠᠶᠢᠭᠤᠯᠬᠤ ᠶᠢ ᠨᠢᠭᠡᠳᠦᠯᠲᠡᠢ ᠲᠥᠯᠥᠪᠯᠡᠨ ᠵᠢᠯᠤᠭᠤᠳᠴᠤ᠂ | ᠦᠢᠯᠡᠴᠢᠯᠡᠭᠡᠨ ᠤ ᠴᠣᠪᠤᠷᠠᠯ ᠢ ᠵᠢᠷᠤᠮᠵᠢᠭᠤᠯᠤᠨ᠂ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠨ᠎ᠠ︔ ᠬᠠᠤᠯᠢᠴᠢ ᠶᠢᠨ | ᠬᠡᠷᠡᠭ ᠡᠷᠬᠢᠯᠡᠬᠦ ᠭᠠᠵᠠᠷ ᠬᠢᠭᠡᠳ ᠭᠠᠴᠠᠭ᠎ᠠ ︵ᠲᠣᠰᠬᠤᠨ︶ ᠶᠢᠨ ᠵᠥᠪᠯᠡᠯ᠂ ᠬᠠᠤᠯᠢᠴᠢ ᠶᠢᠨ ᠬᠡᠷᠡᠭ ᠡᠷᠬᠢᠯᠡᠬᠦ | ᠭᠠᠵᠠᠷ ᠤᠨ ᠨᠠᠮ ᠤᠨ ᠡᠭᠦᠷ ᠬᠢᠭᠡᠳ ᠭᠠᠴᠠᠭ᠎ᠠ ︵ᠲᠣᠰᠬᠤᠨ︶ ᠶᠢᠨ ᠨᠠᠮ ᠤᠨ ᠡᠭᠦᠷ ᠭᠡᠬᠦ ︽ᠬᠤᠣᠰ ᠬᠤᠯᠪᠣᠭᠠᠰᠤ | ᠪᠠᠶᠢᠭᠤᠯᠬᠤ︾ ᠲᠣᠭᠲᠠᠴᠠ ᠶᠢ ᠪᠠᠶᠢᠭᠤᠯᠵᠤ᠂ ᠨᠠᠮ ᠤᠨ ᠪᠠᠶᠢᠭᠤᠯᠤᠯᠲᠠ ᠶᠢ ᠠᠳᠬᠤᠬᠤ ᠬᠤᠯᠪᠣᠭᠠᠯᠠᠨ ᠪᠠᠶᠢᠭᠤᠯᠬᠤ | ᠬᠠᠮᠲᠤ ᠪᠠᠷ ᠪᠠᠶᠢᠭᠤᠯᠬᠤ ᠬᠡᠯᠪᠡᠷᠢ ᠪᠠᠷ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠦᠷᠨᠢᠭᠦᠯᠦᠨ᠎ᠡ︔ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠠᠴᠠ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠠᠰᠢᠭᠯᠠᠨ᠂ | ᠰᠦᠯᠵᠢᠶᠡᠨ ᠳᠡᠭᠡᠷᠡᠬᠢ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠰᠦᠯᠵᠢᠶ᠎ᠡ᠂ ᠤᠲᠠᠰᠤ ᠵᠡᠷᠭᠡ ᠣᠯᠠᠨ | ᠲᠠᠯ᠎ᠠ ᠶᠢᠨ ᠦᠢᠯᠡᠴᠢᠯᠡᠭᠡᠨ ᠤ ᠠᠷᠭ᠎ᠠ ᠮᠠᠶ᠋ᠢᠭ ᠢ ᠬᠡᠷᠡᠭᠯᠡᠨ᠂ ᠮᠠᠯᠴᠢᠳ ᠲᠠᠷᠢᠶᠠᠴᠢᠳ ᠤᠨ ᠬᠠᠤᠯᠢ ᠴᠠᠭᠠᠵᠠ ᠶᠢᠨ | ᠬᠡᠷᠡᠭᠴᠡᠭᠡ ᠱᠠᠭᠠᠷᠳᠠᠯᠭ᠎ᠠ ᠶᠢ ᠳᠥᠭᠦᠮ ᠳᠥᠲᠡ ᠲᠦᠷᠭᠡᠨ ᠬᠠᠩᠭᠠᠬᠤ ᠶᠢ ᠵᠣᠷᠢᠭᠵᠢᠭᠤᠯᠤᠨ᠎ᠠ᠃ ᠪᠥᠬᠦ ᠬᠦᠷᠢᠶ᠎ᠡ | ᠴᠠᠷᠠᠭ᠎ᠠ ᠶᠢ ᠬᠠᠮᠤᠷᠤᠭᠤᠯᠬᠤ᠂ ᠪᠥᠬᠦ ᠶᠠᠪᠤᠴᠠ ᠶᠢ ᠵᠢᠷᠤᠮᠵᠢᠭᠤᠯᠬᠤ᠂ ᠪᠥᠬᠦ ᠴᠣᠪᠤᠷᠠᠯ ᠢ ᠬᠢᠨᠠᠨ ᠵᠢᠯᠤᠭᠤᠳᠬᠤ | ᠦᠢᠯᠡᠴᠢᠯᠡᠭᠡᠨ ᠤ ᠬᠡᠯᠪᠡᠷᠢ ᠪᠠᠷ ᠳᠠᠮᠵᠢᠭᠤᠯᠤᠨ᠂ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ︾ | ᠠᠵᠢᠯᠯᠠᠭ᠎ᠠ ᠶᠢ ᠥᠪᠥᠷ ᠮᠣᠩᠭᠤᠯ ᠤᠨ ᠨᠡᠶᠢᠲᠡ ᠶᠢᠨ ᠠᠰᠠᠷᠠᠮᠵᠢ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ︽ | ᠨᠠᠷᠠᠲᠤ ᠲᠡᠮᠳᠡᠭᠲᠦ︾ ᠪᠣᠯᠭᠠᠨ᠎ᠠ ᠭᠡᠵᠦ ᠲᠣᠭᠲᠠᠭᠠᠵᠠᠢ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ | ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ︽ᠲᠦᠮᠡᠨ ᠬᠠᠤᠯᠢᠴᠢ ᠶᠢ ᠬᠥᠳᠡᠭᠡ ᠲᠣᠰᠬᠤᠨ ᠳᠤ ᠣᠴᠢᠭᠤᠯᠬᠤ︾ | ᠬᠠᠤᠯᠢ ᠴᠠᠭᠠᠵᠠ ᠶᠢᠨ ᠡᠬᠢ ᠪᠠᠶᠠᠯᠢᠭ ᠢ ᠬᠥᠳᠡᠯᠦᠩᠭᠦᠢ ᠪᠠᠷ ᠲᠣᠬᠢᠷᠠᠭᠤᠯᠬᠤ ᠲᠠᠪᠴᠠᠩ ᠢ ᠪᠠᠶᠢᠭᠤᠯᠵᠤ᠂ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠶᠢ ᠰᠢᠯᠵᠢᠭᠦᠯᠦᠨ ᠲᠣᠬᠢᠷᠠᠭᠤᠯᠵᠤ ᠭᠠᠵᠠᠷ ᠣᠷᠣᠨ | ᠠᠯᠤᠰᠯᠠᠨ ᠦᠢᠯᠡᠴᠢᠯᠡᠭᠡᠨ ᠤ ᠠᠵᠢᠯᠯᠠᠭ᠎ᠠ ᠦᠷᠨᠢᠭᠦᠯᠬᠦ ᠪᠣᠯᠣᠨ᠎ᠠ᠃ ᠡᠭᠦᠨ ᠤ ᠬᠠᠮᠲᠤ᠂ ᠡᠯ᠎ᠡ ᠬᠤᠰᠢᠭᠤ ᠰᠢᠶᠠᠨ ︵ | ᠬᠤᠲᠠ᠂ ᠲᠣᠭᠤᠷᠢᠭ︶ ᠤ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠤᠯᠢ ᠴᠠᠭᠠᠵᠠ ᠶᠢᠨ ᠭᠠᠵᠠᠷ ᠢ ᠵᠢᠯᠣᠭᠤᠳᠤᠨ | ᠲᠣᠰ ᠭᠠᠵᠠᠷ ᠣᠷᠣᠨ ᠤ ᠠᠵᠢᠯᠯᠠᠭ᠎ᠠ ᠥᠷᠨᠢᠭᠦᠯᠬᠦ ᠴᠢᠬᠤᠯᠠᠲᠠᠢ ᠭᠠᠴᠠᠭ᠎ᠠ ︵ᠲᠣᠰᠬᠤᠨ︶ ᠶᠢᠨ ᠨᠡᠷᠡᠰ ᠢ | ᠬᠤᠷᠢᠶᠠᠩᠭᠤᠶᠢᠯᠠᠬᠤ ᠶᠢᠨ ᠬᠠᠮᠲᠤ᠂ ᠨᠡᠷᠡᠰ ᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠤ ᠬᠤᠪᠢᠶᠠᠷᠢᠯᠠᠨ ᠲᠣᠮᠢᠯᠠᠵᠤ | ᠂ ᠬᠡᠷᠡᠭᠴᠡᠭᠡ ᠱᠠᠭᠠᠷᠳᠠᠯᠭ᠎ᠠ ᠲᠠᠢ ᠭᠠᠴᠠᠭ᠎ᠠ ︵ᠲᠣᠰᠬᠤᠨ︶ ᠳᠤ ᠴᠥᠮ ᠬᠠᠤᠯᠢ ᠴᠠᠭᠠᠵᠠ ᠶᠢᠨ ᠦᠢᠯᠡᠴᠢᠯᠡᠭᠡ | ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ︽ᠲᠦᠮᠡᠨ ᠬᠠᠤᠯᠢᠴᠢ ᠶᠢ ᠬᠥᠳᠡᠭᠡ | ᠲᠣᠰᠬᠤᠨ ᠳᠤ ᠣᠴᠢᠭᠤᠯᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠭᠦᠯᠬᠦ ᠪᠠᠷ ᠳᠠᠮᠵᠢᠭᠤᠯᠤᠨ᠂ ᠦᠨᠳᠦᠰᠦᠨ | ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ︽ᠬᠠᠮᠤᠭ ᠤᠨ ᠡᠴᠦᠰ ᠤᠨ ᠨᠢᠭᠡ ᠺᠢᠯᠣᠮᠧᠳ᠋ᠷ︾ ᠢ ᠦᠨᠡᠨ ᠬᠦ | ᠨᠠᠪᠲᠠᠷᠡᠭᠦᠯᠵᠦ᠂ ᠮᠠᠯᠴᠢᠳ ᠲᠠᠷᠢᠶᠠᠴᠢᠳ ᠤᠨ ᠬᠠᠤᠯᠢ ᠴᠠᠭᠠᠵᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ | ᠣᠯᠠᠨ ᠲᠦᠮᠡᠨ ᠤ ᠬᠠᠤᠯᠢ ᠪᠠᠷ ᠵᠠᠰᠠᠬᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ | ᠨᠡᠮᠡᠭᠳᠡᠭᠦᠯᠦᠨ᠎ᠡ᠃ | | | | | | |