ᠬᠥᠬᠡᠬᠤᠲᠠ ᠶᠢᠨ ᠬᠠᠭᠠᠰ ᠵᠠᠢ ᠶᠢᠨ ᠮᠠᠷᠠᠰᠤᠨ ᠤ ᠤᠷᠤᠯᠳᠤᠭᠠᠨ ᠶᠠᠪᠤᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2023/6/14
            2023 ᠣᠨ ᠤ ᠬᠥᠬᠡᠬᠤᠲᠠ ᠶᠢᠨ ᠬᠠᠭᠠᠰ ᠵᠠᠢ ᠶᠢᠨ ᠮᠠᠷᠠᠰᠤᠨ ᠤ ᠤᠷᠤᠯᠳᠤᠭᠠᠨ 5 ᠳ᠋ᠤᠭᠠᠷ ᠰᠠᠷ᠎ᠠ ᠶᠢᠨ 21 ᠤ ᠡᠳᠦᠷ ᠠᠴᠠ ᠡᠬᠢᠯᠡᠨ ᠶᠠᠪᠤᠭᠳᠠᠬᠤ ᠪᠣᠯᠣᠨ᠎ᠠ᠃ ᠲᠤᠬᠠᠢ ᠶᠢᠨ ᠦᠶ᠎ᠡ ᠳᠤ᠂ ᠡᠬᠡ ᠤᠯᠤᠰ ᠤᠨ ᠡᠯ᠎ᠡ ᠭᠠᠵᠠᠷ ᠠᠴᠠ ᠢᠷᠡᠭᠰᠡᠨ 5000 ᠲᠠᠮᠢᠷᠴᠢᠳ ᠤᠷᠤᠯᠳᠤᠭᠠᠨ ᠤ ᠵᠠᠮ ᠳᠡᠭᠡᠷ᠎ᠡ ᠬᠦᠴᠦᠨ ᠴᠢᠳᠠᠯ ᠢᠶᠠᠨ ᠦᠵᠡᠯᠴᠡᠨ᠂ ᠴᠤᠭ ᠵᠢᠪᠬᠤᠭ᠎ᠠ ᠪᠠᠨ ᠪᠠᠳᠠᠷᠠᠭᠤᠯᠵᠤ᠂ ᠥᠪᠡᠷ ᠢ ᠪᠠᠨ ᠢᠯᠠᠨ ᠳᠠᠪᠠᠵᠤ᠂ ᠢᠲᠡᠭᠡᠯ ᠵᠣᠷᠢᠭ᠂ ᠢᠳᠡ ᠬᠦᠴᠦ᠂ ᠢᠳᠡᠷᠡᠭᠦᠨ ᠪᠠᠶᠢᠳᠠᠯ ᠢᠶᠠᠨ ᠢᠯᠡᠷᠡᠭᠦᠯᠬᠦ ᠪᠣᠯᠣᠨ᠎ᠠ᠃ ᠲᠣᠰ ᠤᠳᠠᠭᠠᠨ ᠤ ᠤᠷᠤᠯᠳᠤᠭᠠᠨ ᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠨ᠎ᠡ᠃ ᠤᠷᠤᠯᠳᠤᠭᠠᠨ ᠨᠢ ᠮᠠᠷᠠᠰᠤᠨ ᠲᠤᠰᠬᠠᠢ ᠮᠡᠷᠭᠡᠵᠢᠯ ᠢᠶᠠᠷ ᠦᠨᠳᠦᠰᠦ ᠪᠣᠯᠭᠠᠵᠤ᠂ ᠣᠲᠣ ᠦᠶ᠎ᠡ ᠶᠢᠨ ᠡᠷᠡᠭᠦᠯ ᠠᠮᠢᠳᠤᠷᠠᠯ ᠤᠨ ᠠᠷᠭ᠎ᠠ ᠮᠠᠶ᠋ᠢᠭ ᠲᠤ ᠨᠡᠶᠢᠴᠡᠭᠦᠯᠦᠨ᠂ ᠢᠳᠡᠪᠬᠢᠲᠡᠢ ᠡᠷᠡᠭᠦᠯ ᠭᠦᠶᠦᠯᠲᠡ ᠶᠢᠨ ᠰᠣᠶᠣᠯ ᠢ ᠰᠠᠨᠠᠭᠠᠴᠢᠯᠠᠨ᠎ᠠ᠃ ᠤᠷᠤᠯᠳᠤᠭᠠᠨ ᠨᠢ 21 ᠤ ᠡᠳᠦᠷ ᠤᠨ ᠦᠳᠡ ᠶᠢᠨ ᠡᠮᠦᠨᠡᠬᠢ 7 ᠴᠠᠭ 30 ᠮᠢᠨᠦ᠋ᠲ ᠲᠤ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠡᠬᠢᠯᠡᠬᠦ ᠪᠣᠯᠣᠨ᠎ᠠ᠃ ᠡᠭᠦᠨ ᠳᠤ 21.0975 ᠺᠢᠯᠣᠮᠧᠳ᠋ᠷ ᠤᠨ ᠬᠠᠭᠠᠰ ᠵᠠᠢ ᠶᠢᠨ ᠮᠠᠷᠠᠰᠤᠨ ᠪᠠ 6 ᠺᠢᠯᠣᠮᠧᠳ᠋ᠷ ᠰᠢᠬᠠᠮ ᠤᠨ ᠡᠷᠡᠭᠦᠯ ᠭᠦᠶᠦᠯᠲᠡ ᠭᠡᠬᠦ ᠬᠤᠶᠠᠷ ᠵᠦᠢᠯ ᠤᠨ ᠤᠷᠤᠯᠳᠤᠭᠠᠨ ᠤ ᠵᠠᠢ ᠬᠤᠪᠢᠶᠠᠨ᠎ᠠ᠃ ᠡᠷᠡᠭᠲᠡᠢ ᠡᠮᠡᠭᠲᠡᠢ ᠶᠢᠨ ᠬᠠᠭᠠᠰ ᠵᠠᠢ ᠶᠢᠨ ᠮᠠᠷᠠᠰᠤᠨ ᠳᠤ ᠲᠡᠷᠢᠭᠦᠯᠡᠭᠰᠡᠨ ᠲᠠᠮᠢᠷᠴᠢᠨ ᠳᠤ 10000 ᠲᠥᠭᠦᠷᠢᠭ ᠱᠠᠩᠨᠠᠵᠤ᠂ ᠤᠷᠤᠯᠳᠤᠭᠠᠨ ᠳᠤ ᠣᠷᠣᠯᠴᠠᠭᠰᠠᠨ ᠮᠥᠷᠲᠡᠭᠡᠨ ᠭᠦᠶᠦᠵᠦ ᠳᠠᠭᠤᠰᠬᠠᠭᠰᠠᠳ ᠲᠤ ᠣᠷᠣᠯᠳᠤᠵᠤ ᠳᠠᠭᠤᠰᠬᠠᠭᠰᠠᠨ ᠱᠠᠩᠨᠠᠯ ᠤᠨ ᠮᠧᠳᠠᠯ ᠣᠯᠭᠤᠨ᠎ᠠ᠃ ᠣᠳᠣᠬᠠᠨ ᠳᠤ᠂ ᠤᠷᠤᠯᠳᠤᠭᠠᠨ ᠳᠤ ᠨᠡᠷ᠎ᠡ ᠮᠡᠳᠡᠭᠦᠯᠬᠦ ᠠᠵᠢᠯ ᠵᠢᠩᠬᠢᠨᠢ ᠪᠠᠷ ᠡᠬᠢᠯᠡᠵᠦ᠂ ᠨᠡᠷ᠎ᠡ ᠮᠡᠳᠡᠭᠦᠯᠬᠦ ᠴᠠᠭ ᠨᠢ 2023 ᠣᠨ ᠤ 5 ᠳ᠋ᠤᠭᠠᠷ ᠰᠠᠷ᠎ᠠ ᠶᠢᠨ 16 ᠤ ᠡᠳᠦᠷ ᠤᠨ 18᠄ 00 ᠪᠤᠶᠤ ᠨᠡᠷ᠎ᠡ ᠮᠡᠳᠡᠭᠦᠯᠬᠦ ᠬᠥᠮᠥᠨ ᠤ ᠲᠤᠭ᠎ᠠ ᠭᠦᠢᠴᠡᠪᠡᠯ ᠳᠠᠷᠤᠢ ᠵᠣᠭᠰᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号