ᠸᠠᠩ ᠸᠠᠩ ᠱᠧᠩ ᠬᠡᠰᠢᠭᠲᠡᠨ ᠬᠤᠰᠢᠭᠤ᠂ ᠪᠠᠭᠠᠷᠢᠨ ᠪᠠᠷᠠᠭᠤᠨ ᠬᠤᠰᠢᠭᠤᠨ ᠳᠤ ᠬᠦᠷᠴᠦ ᠠᠵᠤ ᠠᠬᠤᠢ ᠶᠢᠨ ᠠᠵᠢᠯᠯᠠᠭ᠎ᠠ᠂ ᠴᠦᠯᠯᠡᠷᠬᠡᠭᠵᠢᠬᠦ ᠶᠢ ᠰᠡᠷᠭᠡᠶᠢᠯᠡᠵᠦ ᠡᠯᠡᠰᠦ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2023/6/27
                6 ᠰᠠᠷ᠎ᠠ ᠶᠢᠨ 14᠎ ᠤ ᠡᠳᠦᠷ ᠠᠴᠠ 15᠎ ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠬᠡᠰᠢᠭᠲᠡᠨ ᠬᠤᠰᠢᠭᠤ᠂ ᠪᠠᠭᠠᠷᠢᠨ ᠪᠠᠷᠠᠭᠤᠨ ᠬᠤᠰᠢᠭᠤᠨ ᠳᠤ ᠬᠦᠷᠴᠦ ᠠᠵᠤ ᠠᠬᠤᠢ ᠶᠢᠨ ᠠᠵᠢᠯᠯᠠᠭᠠᠨ᠂ ᠴᠦᠯᠯᠡᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠵᠡᠷᠭᠡ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃ ᠸᠠᠩ ᠸᠠᠩ ᠱᠧᠩ ᠤᠷᠢᠳ ᠬᠤᠵᠢᠳ ᠬᠡᠰᠢᠭᠲᠡᠨ ᠬᠤᠰᠢᠭᠤᠨ ᠤ ᠪᠢᠷᠠᠭᠤ ᠪᠠᠯᠭᠠᠰᠤᠨ ᠤ ᠲᠠᠷᠢᠶᠠᠯᠠᠩ ᠤᠨ ᠬᠥᠭᠵᠢᠯᠲᠡ ᠶᠢᠨ ᠬᠠᠮᠲᠤᠷᠠᠯᠴᠠᠭᠠᠨ ᠤ ᠬᠤᠯᠪᠣᠭᠠᠲᠤ ᠬᠤᠷᠠᠯ᠂ ᠬᠠᠳᠠᠶᠢᠬᠠᠨ ᠭᠠᠴᠠᠭ᠎ᠠ᠂ ᠭᠥᠩᠭᠡᠷ ᠭᠠᠴᠠᠭ᠎ᠠ᠂ ᠪᠠᠭᠠᠷᠢᠨ ᠪᠠᠷᠠᠭᠤᠨ ᠬᠤᠰᠢᠭᠤᠨ ᠤ ᠳ᠋ᠠᠪᠠᠨ ᠪᠠᠯᠭᠠᠰᠤ ᠶᠢᠨ ᠲᠠᠷᠢᠶᠠᠴᠢᠳ ᠲᠤ ᠠᠰᠢᠭ ᠬᠦᠷᠲᠡᠭᠡᠵᠦ ᠠᠷᠠᠳ ᠲᠤ ᠦᠢᠯᠡᠴᠢᠯᠡᠬᠦ ᠬᠢᠵᠠᠭᠠᠷᠲᠤ ᠺᠣᠮᠫᠠᠨᠢ᠂ ᠴᠠᠭᠠᠨᠮᠦ᠋ᠷᠡᠨ ᠭᠠᠴᠠᠭ᠎ᠠ ᠳᠤ ᠬᠦᠷᠴᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠ ︽ᠭᠤᠷᠪᠠ ᠶᠢ ᠨᠢᠭᠡ ᠴᠣᠭᠴᠠᠵᠢᠭᠤᠯᠬᠤ︾ ᠵᠡᠷᠭᠡ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠶᠠᠷᠢᠯᠴᠠᠬᠤ ᠬᠡᠯᠪᠡᠷᠢ ᠪᠠᠷ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ᠂ ᠬᠤᠷᠰᠢᠶ᠎ᠠ ᠪᠠ ᠮᠠᠯᠴᠢᠨ ᠲᠠᠷᠢᠶᠠᠴᠢᠨ ᠤ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠰᠣᠨᠣᠰᠴᠠᠢ᠃ ᠸᠠᠩ ᠸᠠᠩ ᠱᠧᠩ ᠪᠠᠭᠠᠷᠢᠨ ᠪᠠᠷᠠᠭᠤᠨ ᠬᠤᠰᠢᠭᠤᠨ ᠳᠤ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠬᠤ ᠪᠣᠯ ᠥᠷᠭᠡᠨ ᠤᠯᠠᠨ ᠮᠠᠯᠴᠢᠨ ᠲᠠᠷᠢᠶᠠᠴᠢᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ᠂ ᠤᠯᠠᠮᠵᠢᠯᠠᠯᠲᠤ ᠮᠠᠯ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢ ᠡᠪᠳᠡᠬᠦ᠂ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠪᠣᠳᠠᠲᠠᠢ ᠠᠷᠭ᠎ᠠ ᠵᠠᠮ ᠪᠣᠯᠣᠨ᠎ᠠ᠃ ᠠᠵᠢᠯ ᠢ ᠠᠬᠢᠭᠤᠯᠬᠤ ᠶᠠᠪᠤᠴᠠ ᠳᠤ᠂ ᠡᠷᠬᠡ ᠶᠢ ᠨᠤᠲᠠᠯᠠᠨ ᠲᠣᠭᠲᠠᠭᠠᠬᠤ ᠳᠤ ᠭᠠᠵᠠᠷ ᠰᠢᠷᠣᠢ ᠶᠢ ᠥᠯᠥ ᠨᠤᠲᠠᠯᠠᠨ ᠲᠣᠭᠲᠠᠭᠠᠬᠤ ᠵᠠᠷᠴᠢᠮ ᠶᠣᠰᠣᠭᠠᠷ᠂ ᠭᠠᠵᠠᠷ ᠰᠢᠷᠣᠢ ᠶᠢᠨ ᠡᠬᠢ ᠪᠠᠶᠠᠯᠢᠭ ᠢ ᠡᠳ᠋ ᠬᠥᠷᠥᠩᠭᠡ ᠪᠠ ᠰᠲ᠋ᠣᠺ ᠤᠨ ᠡᠷᠬᠡ ᠪᠣᠯᠭᠠᠨ ᠬᠡᠮᠵᠢᠶᠡᠯᠡᠵᠦ᠂ ᠲᠠᠷᠢᠶᠠᠨ ᠭᠠᠵᠠᠷ᠂ ᠬᠠᠳᠤᠯᠠᠩ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠪᠠ ᠡᠷᠭᠢᠯᠲᠡ ᠳᠤ ᠣᠷᠣᠭᠤᠯᠬᠤ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠴᠢᠳᠠᠪᠤᠷᠢᠲᠠᠨ ᠢ ᠲᠡᠳᠡᠨ ᠮᠠᠯᠵᠢᠬᠤ ᠲᠠᠷᠢᠶᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠦᠨᠳᠦᠰᠦᠨ ᠱᠠᠲᠤᠨ ᠤ ᠺᠠᠳ᠋ᠷᠴᠤᠳ ᠤᠨ ᠥᠭᠡᠷᠡᠴᠢᠯᠡᠯᠲᠡ ᠶᠢᠨ ᠲᠤᠬᠠᠢ ᠵᠥᠪ ᠲᠠᠨᠢᠯᠲᠠ ᠶᠢ ᠴᠢᠩᠭᠠᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠪᠡᠯᠡᠳᠬᠡᠯ ᠬᠦᠴᠦᠨ ᠬᠦᠷᠦᠯᠴᠡᠬᠦ ᠦᠭᠡᠢ ᠪᠠᠶᠢᠬᠤ ᠪᠠ ᠬᠡᠰᠡᠭ ᠭᠠᠵᠠᠷ ᠣᠷᠣᠨ ᠤ ᠥᠭᠡᠷᠡᠴᠢᠯᠡᠯᠲᠡ ᠶᠢᠨ ᠠᠬᠢᠴᠠ ᠤᠳᠠᠭᠠᠨ ᠪᠠᠶᠢᠬᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠬᠥᠳᠡᠭᠡ ᠠᠵᠤ ᠠᠬᠤᠢ ᠶᠢᠨ ᠪᠡᠯᠡ ᠣᠷᠣᠭᠤᠯᠤᠯᠲᠠ ᠶᠢᠨ ᠺᠣᠮᠫᠠᠨᠢ ᠪᠠᠷ ᠬᠠᠮᠲᠤ ᠶᠢᠨ ᠡᠬᠢ ᠪᠠᠶᠠᠯᠢᠭ ᠡᠳ᠋ ᠬᠥᠷᠥᠩᠭᠡ ᠶᠢ ᠨᠢᠭᠡᠳᠦᠯᠲᠡᠢ ᠡᠵᠡᠩᠨᠡᠭᠦᠯᠵᠦ᠂ ᠡᠳ᠋ ᠬᠥᠷᠥᠩᠭᠡ ᠶᠢ ᠪᠡᠯᠡ ᠮᠥᠩᠭᠦ ᠪᠣᠯᠭᠠᠬᠤ ᠵᠠᠮ ᠢ ᠨᠠᠪᠲᠠᠷᠡᠭᠦᠯᠵᠦ᠂ ᠤᠯᠤᠰ ᠤᠨ ᠥᠮᠴᠢᠯᠡᠯ ᠤᠨ ᠲᠠᠪᠴᠠᠩ ᠤᠨ ᠺᠣᠮᠫᠠᠨᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠲᠠᠪᠴᠠᠩ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠪᠡᠯᠡ ᠮᠥᠩᠭᠦᠨ ᠤ ᠢᠷᠡᠯᠲᠡ ᠶᠢᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠡᠷᠬᠡ ᠠᠰᠠᠭᠤᠳᠠᠯ ᠢ ᠰᠢᠢᠳᠪᠦᠷᠢᠯᠡᠨ᠂ ᠦᠢᠯᠡᠴᠢᠯᠡᠭᠡᠨ ᠤ ᠳᠤᠲᠠᠭᠤᠳᠠᠯ ᠪᠠ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠬᠥᠮᠥᠨ ᠤ ᠪᠠᠶᠢᠳᠠᠯ ᠳᠤᠨᠢ ᠲᠣᠬᠢᠷᠠᠭᠤᠯᠬᠤ᠂ ᠵᠠᠰᠠᠭ ᠤᠨ ᠣᠷᠳᠣᠨ ᠠᠴᠠ ᠬᠥᠲᠥᠯᠥᠨ ᠵᠢᠯᠤᠭᠤᠳᠬᠤ᠂ ᠤᠯᠠᠨ ᠲᠦᠮᠡᠨ ᠢᠶᠠᠷ ᠭᠤᠣᠯ ᠴᠣᠭᠴᠠ ᠪᠣᠯᠭᠠᠬᠤ᠂ ᠯᠠᠪᠳᠠᠭᠤᠨ ᠪᠣᠯᠭᠤᠮᠵᠢᠲᠠᠢ ᠪᠠᠷ ᠲᠦᠯᠬᠢᠨ ᠠᠬᠢᠭᠤᠯᠬᠤ᠂ ᠠᠯᠬᠤᠮ ᠲᠠᠷᠠᠭ᠎ᠠ ᠲᠠᠢ ᠪᠠᠷ ᠤᠷᠤᠭᠰᠢᠯᠠᠬᠤ᠂ ᠲᠦᠷᠦ ᠶᠢᠨ ᠪᠣᠳᠣᠯᠭ᠎ᠠ ᠶᠢ ᠭᠦᠢᠴᠡᠳ ᠬᠡᠷᠡᠭᠯᠡᠬᠦ᠂ ᠡᠳ᠋ᠯᠡᠬᠦ ᠶᠣᠰᠣᠲᠠᠢ ᠶᠢ ᠨᠢ ᠴᠥᠮ ᠡᠳ᠋ᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ ᠲᠠᠪᠤᠨ ᠦᠨᠳᠦᠰᠦᠨ ᠵᠠᠷᠴᠢᠮ ᠢ ᠪᠠᠷᠢᠮᠲᠠᠯᠠᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠭᠤᠷᠪᠠ ᠶᠢ ᠨᠢᠭᠡ ᠴᠣᠭᠴᠠᠵᠢᠭᠤᠯᠬᠤ︾ ᠶᠡᠷᠦᠩᠬᠡᠶᠢᠯᠡᠭᠰᠡᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠨᠠᠷ ᠰᠠᠶᠢᠲᠠᠢ ᠪᠥᠭᠡᠳ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠸᠠᠩ ᠸᠠᠩ ᠱᠧᠩ ᠪᠠᠰᠠ ᠠᠵᠤ ᠠᠬᠤᠢ ᠶᠢᠨ ᠠᠵᠢᠯᠯᠠᠭ᠎ᠠ᠂ ᠴᠦᠯᠯᠡᠷᠬᠡᠭᠵᠢᠬᠦ ᠶᠢ ᠰᠡᠷᠭᠡᠶᠢᠯᠡᠨ ᠡᠯᠡᠰᠦ ᠶᠢ ᠵᠠᠰᠠᠬᠤ᠂ ᠲᠠᠷᠢᠶᠠᠯᠠᠩ ᠤᠨ ᠤᠰᠤ ᠠᠷᠪᠢᠯᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ ᠬᠤᠳᠠ ᠶᠢᠨ ᠤᠳᠤᠷᠢᠳᠤᠯᠭ᠎ᠠ ᠮᠥᠩᠬᠡᠳᠠᠯᠠᠢ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号