ᠬᠤᠲᠠ ᠶᠢᠨ ᠵᠠᠰᠠᠭ ᠤᠨ ᠣᠷᠳᠣᠨ ᠪᠣᠯᠣᠨ ᠪᠡᠭᠡᠵᠢᠩ ᠤᠨ ᠡᠨᠧᠷᠭᠢ ᠶᠢᠨ ᠪᠦᠯᠦᠭᠯᠡᠯ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/27
                    6 ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠵᠠᠰᠠᠭ ᠤᠨ ᠣᠷᠳᠣᠨ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠵᠦ᠂ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠵᠡᠷᠭᠡ ᠲᠥᠷᠥᠯ ᠵᠦᠢᠯ ᠤᠨ ᠬᠠᠮᠲᠤᠷᠠᠯᠴᠠᠭ᠎ᠠ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠠᠩᠬ᠎ᠠ ᠠᠯᠬᠤᠮ ᠬᠠᠮᠲᠤ ᠶᠢᠨ ᠲᠠᠨᠢᠯᠲᠠ ᠲᠠᠢ ᠪᠣᠯᠪᠠ᠃ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ᠂ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶ᠎ᠠ ᠶᠢᠨ ᠱᠦᠵᠢ᠂ ᠶᠡᠷᠦᠩᠬᠡᠢ ᠳᠠᠭᠠᠭᠠᠮᠠᠯ ᠺᠠᠨ ᠰᠢᠩ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠢ ᠸᠧᠨ ᠵᠥᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠵᠣᠣ ᡁᠢ ᠭᠠᠩ ᠬᠤᠷᠠᠯ ᠢ ᠡᠷᠭᠢᠯᠡᠪᠡ᠃ ᠸᠠᠩ ᠸᠠᠩ ᠱᠧᠩ ᠡᠩ ᠲᠡᠷᠢᠭᠦᠨ ᠳᠤ ᠬᠤᠶᠠᠷ ᠠᠵᠤ ᠠᠬᠤᠶᠢᠯᠠᠯ ᠤᠨ ᠤᠯᠠᠭᠠᠨᠬᠠᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠤᠯᠠᠭᠠᠨᠬᠠᠳᠠ ᠬᠤᠳᠠ ᠶᠢᠨ ᠰᠢᠨ᠎ᠡ ᠡᠨᠧᠷᠭᠢ ᠶᠢᠨ ᠡᠬᠢ ᠪᠠᠶᠠᠯᠢᠭ ᠡᠯᠪᠡᠭ ᠳᠡᠯᠪᠡᠭ᠂ ᠠᠵᠤ ᠦᠢᠯᠡᠰ ᠤᠨ ᠰᠠᠭᠤᠷᠢ ᠲᠡᠭᠦᠯᠳᠡᠷ᠂ ᠣᠷᠣᠨ ᠪᠠᠶᠢᠷᠢ ᠶᠢᠨ ᠳᠠᠪᠠᠭᠤᠯᠢᠭ ᠮᠡᠳᠡᠭᠳᠡᠮ᠎ᠡ ᠪᠠᠶᠢᠵᠤ᠂ ᠬᠤᠶᠠᠷ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ ᠪᠡᠯᠡ ᠮᠥᠩᠭᠦ ᠵᠡᠷᠭᠡ ᠪᠣᠳᠠᠲᠤ ᠬᠦᠴᠦᠨ ᠢᠶᠠᠷ ᠴᠢᠩᠭ᠎ᠠ ᠪᠠᠶᠢᠵᠤ᠂ ᠬᠠᠮᠲᠤᠪᠠᠷ ᠬᠠᠮᠲᠤᠷᠠᠯᠴᠠᠭ᠎ᠠ ᠥᠷᠨᠢᠭᠦᠯᠬᠦ ᠠᠯᠤᠰ ᠢᠷᠡᠭᠡᠳᠦᠢ ᠮᠠᠰᠢ ᠰᠠᠶᠢᠨ ᠪᠠᠶᠢᠨ᠎ᠠ᠃ ᠮᠠᠨ ᠤ ᠬᠤᠲᠠ ᠠᠵᠤ ᠠᠬᠤᠶᠢᠯᠠᠯ ᠲᠠᠢ ᠬᠠᠮᠲᠤ ᠪᠠᠷ ᠠᠵᠢᠯ ᠤᠨ ᠲᠤᠰᠬᠠᠢ ᠠᠩᠭᠢ ᠵᠣᠬᠢᠶᠠᠨ ᠪᠠᠶᠢᠭᠤᠯᠵᠤ ᠂ ᠲᠥᠷᠥᠯ ᠵᠦᠢᠯ ᠤᠨ ᠬᠠᠮᠲᠤᠷᠠᠯᠴᠠᠭ᠎ᠠ ᠶᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠬᠠᠮᠲᠤᠷᠠᠯᠴᠠᠭᠠᠨ ᠤ ᠠᠬᠢᠴᠠ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠶᠢᠨ ᠬᠠᠮᠲᠤ ᠪᠠᠰᠠ ᠬᠠᠮᠤᠭ ᠤᠨ ᠰᠢᠯᠢᠳᠡᠭ ᠣᠷᠴᠢᠨ ᠲᠣᠭᠤᠷᠢᠨ᠂ ᠬᠠᠮᠤᠭ ᠤᠨ ᠰᠠᠶᠢᠨ ᠦᠢᠯᠡᠴᠢᠯᠡᠭᠡ ᠪᠠᠷ ᠠᠵᠤ ᠠᠬᠤᠶᠢᠯᠠᠯ ᠤᠨ ᠤᠯᠠᠭᠠᠨᠬᠠᠳᠠ ᠶᠢᠨ ᠬᠥᠭᠵᠢᠯᠲᠡ ᠶᠢ ᠳᠡᠮᠵᠢᠵᠦ᠂ ᠠᠵᠤ ᠠᠬᠤᠶᠢᠯᠠᠯ ᠤᠨ ᠬᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠪᠠᠨ ᠲᠥᠡᠭᠡᠳᠬᠡᠵᠦ᠂ ᠬᠠᠮᠲᠤᠷᠠᠯᠴᠠᠭᠠᠨ ᠤ ᠠᠭᠤᠯᠭ᠎ᠠ ᠪᠠᠨ ᠨᠠᠷᠢᠯᠢᠭᠵᠢᠭᠤᠯᠵᠤ᠂ ᠲᠣᠮᠣ ᠰᠠᠭᠤᠷᠢᠨ ᠭᠠᠵᠠᠷ᠂ ᠭᠠᠳᠠᠭᠰᠢ ᠬᠦᠷᠭᠡᠬᠦ ᠵᠠᠮ᠂ ᠪᠣᠬᠢᠷᠲᠤᠯ ᠦᠭᠡᠢ ᠪᠠᠷ ᠰᠢᠩᠭᠡᠬᠡᠨ ᠠᠪᠬᠤ ᠭᠤᠷᠪᠠᠨ ᠲᠠᠯ᠎ᠠ ᠶᠢᠨ ᠲᠣᠭᠤᠷᠢᠨ ᠳᠤ ᠲᠦᠷᠦᠯ ᠵᠦᠢᠯ ᠤᠨ ᠦᠵᠦ ᠲᠥᠯᠥᠪᠯᠡᠭᠡ ᠶᠢ ᠴᠢᠩᠭᠠᠳᠬᠠᠬᠤ ᠶᠢ ᠬᠦᠰᠡᠵᠦ ᠪᠠᠶᠢᠨ᠎ᠠ᠂ ᠪᠠᠰᠠ ᠠᠵᠤ ᠠᠬᠤᠶᠢᠯᠠᠯ ᠯᠤᠭ᠎ᠠ ᠨᠡᠩ ᠥᠷᠭᠡᠨ ᠬᠡᠪᠴᠢᠶ᠎ᠡ᠂ ᠨᠡᠩ ᠥᠨᠳᠥᠷ ᠲᠡᠰ ᠠᠴᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠦᠷ᠎ᠡ ᠪᠦᠲᠦᠭᠡᠯ ᠢᠶᠠᠨ ᠥᠷᠭᠡᠳᠬᠡᠵᠦ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ᠂ ᠬᠠᠮᠲᠤᠪᠠᠷ ᠬᠥᠭᠵᠢᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ ᠠᠵᠤ ᠠᠬᠤᠶᠢᠯᠠᠯ ᠤᠨ ᠬᠠᠷᠢᠭᠤᠴᠠᠯᠭᠠᠲᠠᠳ ᠤᠯᠠᠭᠠᠨᠬᠠᠳᠠ ᠯᠤᠭ᠎ᠠ ᠶᠢᠨ ᠣᠯᠣᠯᠴᠠᠭ᠎ᠠ ᠵᠣᠯᠭᠠᠯᠴᠠᠭ᠎ᠠ ᠶᠢ ᠨᠢᠭᠲᠠᠷᠠᠭᠤᠯᠵᠤ᠂ ᠰᠢᠢᠳᠪᠦᠷᠢᠲᠦ ᠪᠣᠳᠣᠯᠭ᠎ᠠ ᠶᠢ ᠲᠦᠷᠭᠡᠬᠡᠨ ᠪᠦᠷᠢᠯᠳᠦᠭᠦᠯᠵᠦ᠂ ᠪᠣᠳᠠᠲᠠᠢ ᠬᠠᠮᠲᠤᠷᠠᠯᠴᠠᠭ᠎ᠠ ᠶᠢ ᠡᠷᠲᠡᠬᠡᠨ ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号