ᠳᠤᠮᠳᠠᠳᠤ ᠮᠣᠩᠭᠤᠯ ᠤᠨ ᠬᠢᠯᠢ ᠶᠢᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠬᠤᠯᠪᠣᠭᠠᠯᠠᠨ ᠰᠡᠷᠭᠡᠶᠢᠯᠡᠬᠦ ᠠᠵᠢᠯ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/27
            ᠣᠶᠢᠷ᠎ᠠ ᠳᠤ᠂ ᠳᠤᠮᠳᠠᠳᠤ ᠮᠣᠩᠭᠤᠯ ᠤᠨ ᠬᠢᠯᠢ ᠶᠢᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠬᠤᠯᠪᠣᠭᠠᠯᠠᠨ ᠰᠡᠷᠭᠡᠶᠢᠯᠡᠬᠦ ᠠᠵᠢᠯ ᠤᠨ ᠬᠤᠷᠠᠯ ᠢ ᠰᠢᠯᠢ ᠶᠢᠨ ᠭᠤᠣᠯ ᠠᠶᠢᠮᠠᠭ ᠲᠤ ᠬᠤᠷᠠᠯᠳᠤᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠵᠢᠴᠢ ᠮᠣᠩᠭᠤᠯ ᠤᠯᠤᠰ ᠤᠨ ᠪᠠᠴᠢᠮ ᠪᠠᠶᠢᠳᠠᠯ ᠤᠨ ᠶᠡᠷᠦᠩᠬᠡᠢ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠬᠤᠷᠠᠯ ᠳᠤ ᠣᠷᠣᠯᠴᠠᠵᠠᠢ᠃ ᠬᠤᠷᠠᠯ ᠠᠴᠠ ᠨᠢᠳᠤᠨᠤᠨ ᠤ 2 ᠳ᠋ᠤᠭᠠᠷ ᠰᠠᠷ᠎ᠠ ᠠᠴᠠ ᠨᠠᠭᠠᠰᠢᠬᠢ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠶᠢᠨ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠬᠤᠯᠪᠣᠭᠠᠯᠠᠨ ᠰᠡᠷᠭᠡᠶᠢᠯᠡᠬᠦ ᠲᠤᠬᠠᠢ ᠬᠡᠯᠡᠯᠴᠡᠭᠡᠷ ᠤᠨ ᠪᠣᠷᠣ ᠲᠥᠰᠥᠪ ᠤᠨ ᠳᠣᠣᠷ᠎ᠠ ᠬᠢᠯᠢ ᠬᠢᠵᠠᠭᠠᠷ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠬᠠᠮᠲᠤᠷᠠᠯᠴᠠᠭ᠎ᠠ ᠥᠷᠨᠢᠭᠦᠯᠦᠭᠰᠡᠨ ᠠᠬᠢᠴᠠ ᠶᠢ ᠡᠷᠭᠢᠴᠡᠭᠦᠯᠵᠦ᠂ ᠲᠤᠷᠰᠢᠯᠭ᠎ᠠ ᠪᠠ ᠠᠷᠭ᠎ᠠ ᠬᠢᠳᠡᠯ ᠢᠶᠠᠨ ᠰᠣᠯᠢᠯᠴᠠᠭᠰᠠᠨ ᠪᠥᠭᠡᠳ ᠬᠤᠯᠪᠣᠭᠠᠯᠠᠨ ᠠᠵᠢᠯᠯᠠᠬᠤ ᠪᠠᠨ ᠤᠯᠠᠮ ᠨᠢᠭᠡ ᠠᠯᠬᠤᠮ ᠨᠠᠷᠢᠯᠢᠭᠵᠢᠭᠤᠯᠬᠤ ᠵᠡᠷᠭᠡ ᠠᠵᠢᠯ ᠤᠨ ᠲᠠᠯ᠎ᠠ ᠪᠠᠷ ᠭᠦᠢᠴᠡᠳ ᠰᠤᠳᠤᠯᠤᠨ ᠶᠠᠷᠢᠯᠴᠠᠪᠠ᠃ ᠡᠭᠦᠨ ᠠᠴᠠ ᠡᠮᠦᠨ᠎ᠡ᠂ 6 ᠳ᠋ᠤᠭᠠᠷ ᠰᠠᠷ᠎ᠠ ᠶᠢᠨ 19 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠪᠣᠯᠣᠨ ᠮᠣᠩᠭᠤᠯ ᠤᠯᠤᠰ ᠤᠨ ᠪᠠᠴᠢᠮ ᠪᠠᠶᠢᠳᠠᠯ ᠤᠨ ᠶᠡᠷᠦᠩᠬᠡᠢ ᠲᠣᠪᠴᠢᠶ᠎ᠠ ᠠᠴᠠ ︽ᠬᠢᠯᠢ ᠬᠢᠵᠠᠭᠠᠷ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠪᠣᠯᠣᠨ ᠮᠣᠩᠭᠤᠯ ᠤᠯᠤᠰ ᠤᠨ ᠪᠠᠴᠢᠮ ᠪᠠᠶᠢᠳᠠᠯ ᠤᠨ ᠶᠡᠷᠦᠩᠬᠡᠢ ᠲᠣᠪᠴᠢᠶ᠎ᠠ ᠶᠢᠨ ᠭᠠᠯ ᠰᠡᠷᠭᠡᠶᠢᠯᠡᠬᠦ ᠲᠣᠪᠴᠢᠶ᠎ᠠ ᠶᠢᠨ ᠬᠡᠯᠡᠯᠴᠡᠭᠡᠷ︾ ᠤᠨ ᠲᠤᠬᠠᠢ ᠶᠠᠷᠢᠯᠴᠠᠵᠠᠢ᠃ ᠣᠶᠢᠷ᠎ᠠ ᠶᠢᠨ ᠵᠢᠯ ᠤᠳ ᠠᠴᠠ ᠨᠠᠭᠠᠰᠢ᠂ ᠰᠢᠯᠢ ᠶᠢᠨ ᠭᠤᠣᠯ ᠠᠶᠢᠮᠠᠭ ᠠᠴᠠ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠯᠤᠭ᠎ᠠ ᠶᠢᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠬᠤᠯᠪᠣᠭᠠᠯᠠᠨ ᠰᠡᠷᠭᠡᠶᠢᠯᠡᠬᠦ ᠠᠵᠢᠯ ᠢ ᠴᠢᠩᠭᠠᠳᠬᠠᠵᠤ᠂ ᠮᠡᠳᠡᠭᠡ ᠵᠠᠩᠭᠢ ᠪᠠᠨ ᠨᠡᠪᠲᠡᠷᠡᠯᠴᠡᠵᠦ ᠬᠤᠪᠢᠶᠠᠯᠴᠠᠬᠤ ᠪᠠᠨ ᠴᠢᠩᠭᠠᠷᠠᠭᠤᠯᠵᠤ᠂ ᠲᠦᠢᠮᠡᠷ ᠤᠨ ᠪᠠᠶᠢᠳᠠᠯ ᠳᠤ ᠴᠠᠭ ᠲᠤᠬᠠᠢ ᠳᠤ ᠨᠢ ᠵᠠᠳᠠᠯᠤᠯᠲᠠ ᠬᠢᠬᠦ ᠪᠠ ᠰᠤᠳᠤᠯᠵᠤ ᠮᠠᠭᠠᠳᠯᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠬᠢᠯᠢ ᠬᠢᠵᠠᠭᠠᠷ ᠣᠷᠣᠨ ᠤ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号