ᠥᠪᠥᠷ ᠮᠣᠩᠭᠤᠯ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠠᠩᠬᠠᠨ ᠤ ᠡᠳᠦᠷ ᠲᠤ ᠵᠢᠭᠤᠯᠴᠢᠯᠠᠭᠴᠢᠳ ᠢ 242.37 ᠲᠦᠮᠡᠨ ᠬᠥᠮᠥᠨ ᠤᠳᠠᠭ᠎ᠠ ᠭᠥᠯᠢᠶᠡᠨ ᠠᠪᠴᠤ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 14.02 ᠳ᠋ᠦᠩᠰᠢᠭᠤᠷ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2023/6/27
                 6 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠲᠤᠭ᠎ᠠ ᠪᠠᠷᠢᠮᠲᠠ ᠨᠡᠶᠢᠲᠡᠯᠡᠵᠦ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠠᠩᠬᠠᠨ ᠤ ᠡᠳᠦᠷ ᠲᠤ᠂ ᠪᠥᠬᠦ ᠣᠷᠣᠨ ᠤ ᠬᠡᠪᠴᠢᠶᠡᠨ ᠳᠤ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢᠳ ᠢ 242.37 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠣᠷᠣᠯᠭ᠎ᠠ ᠶᠢ 14.02 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠭᠦᠨ ᠳᠤ ᠨᠢᠭᠡ ᠡᠳᠦᠷ ᠤᠨ ᠵᠢᠭᠤᠯᠴᠢᠯᠠᠭᠴᠢᠳ ᠢ 158.63 ᠲᠦᠮᠡᠨ ᠬᠥᠮᠥᠨ ᠤᠳᠠᠭ᠎ᠠ ᠬᠦᠯᠢᠶᠡᠨ ᠠᠪᠴᠤ᠂ ᠬᠤᠨᠤᠭ ᠥᠨᠵᠢᠭᠰᠡᠨ ᠵᠢᠭᠤᠯᠴᠢᠯᠠᠭᠴᠢᠳ ᠢ 83.73 ᠲᠦᠮᠡᠨ ᠬᠥᠮᠥᠨ ᠤᠳᠠᠭ᠎ᠠ ᠬᠦᠯᠢᠶᠡᠨ ᠠᠪᠴᠤ ᠵᠣᠴᠢᠯᠠᠪᠠ᠃ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠳᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠳᠤ ᠵᠢᠭᠤᠯᠴᠢᠯᠠᠯ ᠤᠨ ᠬᠠᠯᠠᠮᠰᠢᠯ ᠤᠯᠠᠷᠢᠯ ᠬᠦᠷᠴᠦ ᠢᠷᠡᠪᠡ᠂ ᠪᠥᠬᠦ ᠣᠷᠣᠨ ᠤ ᠡᠯ᠎ᠡ ᠭᠠᠵᠠᠷ ᠤᠨ ᠬᠢᠨ ᠴᠠᠭ ᠲᠣᠬᠢᠶᠠᠯ ᠢ ᠠᠮᠵᠢᠨ᠂ ᠵᠢᠭᠤᠯᠴᠢᠯᠠᠭᠴᠢᠳ ᠤᠨ ᠳᠤᠷ᠎ᠠ ᠰᠣᠨᠢᠷᠬᠠᠯ ᠢ ᠲᠠᠲᠠᠭᠰᠠᠨ ᠡᠯ᠎ᠡ ᠵᠦᠢᠯ ᠤᠨ ᠠᠵᠢᠯᠯᠠᠭ᠎ᠠ ᠥᠷᠨᠢᠭᠦᠯᠵᠦ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠪᠠᠨ ᠤᠭᠲᠤᠨ ᠠᠪᠤᠯ᠎ᠠ᠃ ᠹᠧᠢ ᠵᠦ ᠵᠡᠷᠭᠡ OTA ︵ᠰᠦᠯᠵᠢᠶᠡᠨ ᠳᠡᠭᠡᠷᠡᠬᠢ ᠵᠢᠭᠤᠯᠴᠢᠯᠠᠯ ᠤᠨ ᠺᠣᠮᠫᠠᠨᠢ︶ ᠲᠠᠪᠴᠠᠩ ᠤᠨ ᠲᠤᠭ᠎ᠠ ᠪᠠᠷᠢᠮᠲᠠ ᠠᠴᠠ ᠦᠵᠡᠪᠡᠯ᠂ ᠥᠪᠥᠷ ᠮᠣᠩᠭᠤᠯ ᠤᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠵᠢᠭᠤᠯᠴᠢᠯᠠᠯ ᠤᠨ ᠤᠷᠢᠳᠴᠢᠯᠠᠭᠰᠠᠨ ᠵᠠᠬᠢᠶᠠᠯᠠᠭ᠎ᠠ ᠮᠠᠰᠢ ᠬᠥᠭᠵᠢᠶᠡᠨᠲᠡᠢ ᠪᠠᠶᠢᠵᠤ᠂ ᠪᠥᠬᠦ ᠣᠷᠣᠨ ᠤ ᠡᠯ᠎ᠡ ᠠᠶᠢᠮᠠᠭ ᠬᠤᠲᠠ ᠶᠢᠨ ᠬᠢᠨ ᠡᠬᠢ ᠪᠠᠶᠠᠯᠢᠭ ᠤᠨ ᠳᠠᠪᠠᠭᠤᠯᠢᠭ ᠲᠤ ᠪᠠᠨ ᠲᠦᠰᠢᠭᠯᠡᠨ᠂ ᠱᠣᠷᠣᠯᠠᠭ᠎ᠠ᠂ ᠬᠡᠭᠡᠷ᠎ᠡ ᠪᠠᠭᠤᠳᠠᠯᠯᠠᠬᠤ᠂ ᠵᠢᠮᠢᠰ ᠨᠣᠭᠤᠭ᠎ᠠ ᠲᠡᠭᠦᠬᠦ᠂ ᠬᠠᠭᠤᠷᠠᠢ ᠴᠠᠨ᠎ᠠ ᠪᠠᠷ ᠭᠤᠯᠭᠤᠬᠤ᠂ ᠰᠢᠬᠠᠭᠤᠷ ᠤᠨ ᠵᠠᠮ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠪᠠᠨ ᠡᠬᠢᠯᠡᠭᠦᠯᠵᠦ᠂ ᠥᠷᠭᠡᠨ ᠣᠯᠠᠨ ᠵᠢᠭᠤᠯᠴᠢᠯᠠᠭᠴᠢᠳ ᠤᠨ ᠳᠤᠷ᠎ᠠ ᠰᠣᠨᠢᠷᠬᠠᠯ ᠢ ᠲᠡᠳᠡᠭ᠌ᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠥᠷᠭᠡᠨ ᠤᠯᠠᠨ ᠵᠢᠭᠤᠯᠴᠢᠯᠠᠭᠴᠢᠳ ᠲᠤ ᠰᠠᠨᠠᠭᠤᠯᠤᠭᠰᠠᠨ ᠨᠢ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠠᠷᠠᠳ ᠤᠨ ᠵᠠᠩ ᠦᠢᠯᠡ ᠶᠢᠨ ᠠᠵᠢᠯᠯᠠᠭ᠎ᠠ ᠤᠯᠠᠨ᠂ ᠡᠭᠦᠨ ᠤ ᠳᠡᠭᠡᠷ᠎ᠡ ᠦᠶᠡᠷ ᠤᠨ ᠬᠤᠭᠤᠴᠠᠭ᠎ᠠ ᠬᠦᠷᠴᠦ ᠢᠷᠡᠭᠰᠡᠨ ᠮᠥᠷᠲᠡᠭᠡᠨ ᠡᠯ᠎ᠡ ᠭᠠᠵᠠᠷ ᠲᠤ ᠥᠨᠳᠥᠷ ᠳᠤᠯᠠᠭᠠᠨ᠂ ᠪᠣᠷᠣᠭᠠᠨ ᠡᠯᠪᠡᠭ ᠴᠠᠭ ᠠᠭᠤᠷ ᠣᠯᠠᠰᠢᠷᠠᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠴᠠ ᠠᠮᠠᠷᠠᠯᠲᠠ ᠶᠢᠨ ᠬᠤᠭᠤᠴᠠᠭᠠᠨ ᠳᠤ ᠠᠶᠤᠯᠭᠦᠢ ᠦᠢᠯᠡᠳᠪᠦᠷᠢᠯᠡᠯ ᠢ ᠲᠡᠷᠢᠭᠦᠨ ᠪᠠᠶᠢᠷᠢᠨ ᠳᠤ ᠲᠠᠯᠪᠢᠵᠤ᠂ ᠪᠠᠶᠠᠷ ᠤᠨ ᠡᠳᠦᠷ ᠤᠨ ᠬᠤᠭᠤᠴᠠᠭᠠᠨ ᠳᠤ ᠵᠢᠵᠢᠭᠦᠷᠯᠡᠬᠦ ᠠᠵᠢᠯ ᠢ ᠰᠠᠶᠢᠲᠤᠷ ᠬᠢᠬᠦ ᠬᠡᠷᠡᠭᠲᠡᠢ︔ ᠵᠢᠭᠤᠯᠴᠢᠯᠠᠭᠴᠢᠳ ᠴᠠᠭ ᠠᠭᠤᠷ ᠤᠨ ᠬᠤᠪᠢᠷᠠᠯᠲᠠ ᠪᠣᠯᠣᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠨᠢᠭᠲᠠ ᠠᠩᠬᠠᠷᠴᠤ᠂ ᠠᠮᠤᠷ ᠲᠦᠪᠰᠢᠨ ᠢ ᠪᠠᠲᠤᠯᠠᠵᠤ᠂ ᠤᠯᠠᠨ ᠲᠠᠯ᠎ᠠ ᠪᠠᠷ ᠬᠦᠴᠦ ᠪᠠᠨ ᠬᠠᠮᠲᠤᠳᠬᠠᠨ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠬᠤᠭᠤᠴᠠᠭᠠᠨ ᠤ ᠠᠮᠤᠷ ᠠᠮᠤᠭᠤᠯᠠᠩ ᠢ ᠪᠠᠲᠤᠯᠠᠵᠤ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠤᠨ ᠠᠮᠠᠷᠠᠯᠲᠠ ᠶᠢᠨ ᠬᠤᠭᠤᠴᠠᠭᠠᠨ ᠤ ᠪᠦᠬᠦ ᠣᠷᠣᠨ ᠤ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号