︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠳᠤ ᠤᠯᠤᠰ ᠲᠦᠷᠦ ᠶᠢᠨ ᠵᠥᠪᠯᠡᠯᠭᠡᠨ ᠬᠦᠴᠦᠨ ᠨᠡᠮᠡᠷᠢᠯᠡᠬᠦ︾ ᠪᠡᠭᠡᠵᠢᠩ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠬᠦ ᠶᠠᠷᠢᠯᠴᠠᠬᠤ ᠬᠤᠷᠠᠯ ᠬᠤᠷᠠᠯᠳᠤᠪᠠ ᠵᠠᠩ ᠶᠠᠨ ᠺᠦᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2023/6/27
               6 ᠰᠠᠷ᠎ᠠ ᠶᠢᠨ 12 ᠤᠨ ᠡᠳᠦᠷ᠂ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠳᠤ ᠤᠯᠤᠰ ᠲᠦᠷᠦ ᠶᠢᠨ ᠵᠥᠪᠯᠡᠯᠭᠡᠨ ᠬᠦᠴᠦᠨ ᠨᠡᠮᠡᠷᠢᠯᠡᠬᠦ︾ ᠪᠡᠭᠡᠵᠢᠩ ᠬᠤᠳᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠥᠪᠥᠷ ᠮᠣᠩᠭᠤᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠬᠦᠴᠦᠨ ᠨᠡᠮᠡᠷᠢᠯᠡᠬᠦ ᠶᠠᠷᠢᠯᠴᠠᠬᠤ ᠬᠤᠷᠠᠯ ᠭᠦᠭᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᡁᠢ ᠬᠤ᠋᠂ ᠪᠡᠭᠡᠵᠢᠩ ᠬᠤᠳᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠡᠷᠭᠢᠯᠡᠭᠴᠢ ᠽᠧᠩ ᠶᠢᠨ ᠨᠠᠷ ᠣᠷᠣᠯᠴᠠᠵᠠᠢ᠃ ᠪᠡᠭᠡᠵᠢᠩ ᠬᠤᠲᠠ ᠶᠢᠨ ᠲᠤᠰᠠᠯᠠᠨ ᠲᠠᠮᠵᠢᠵᠤ ᠬᠠᠮᠲᠤᠷᠠᠨ ᠠᠵᠢᠯᠯᠠᠬᠤ ᠠᠯᠪᠠᠨ ᠭᠡᠷ᠂ ᠬᠤᠲᠠ ᠶᠢᠨ ᠬᠠᠮᠢᠶᠠᠷᠤᠯᠲᠠ ᠶᠢᠨ 9 ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠭᠤᠯᠭ᠎ᠠ᠂ ᠬᠠᠮᠢᠶ᠎ᠠ ᠪᠦᠬᠦᠢ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ᠃ ᠬᠤᠷᠠᠯ ᠠᠴᠠ᠂ ᠲᠣᠰ ᠤᠳᠠᠭ᠎ᠠ ᠶᠢᠨ ᠶᠠᠷᠢᠯᠴᠠᠬᠤ ᠬᠤᠷᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠳᠤ ᠬᠤᠷᠠᠯᠳᠤᠭᠤᠯᠤᠭᠰᠠᠨ ᠨᠢ ᠪᠡᠭᠡᠵᠢᠩ ᠬᠤᠲᠠ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ︽ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠳᠤ ᠤᠯᠤᠰ ᠲᠥᠷᠥ ᠶᠢᠨ ᠵᠥᠪᠯᠡᠯᠭᠡᠨ ᠬᠦᠴᠦᠨ ᠨᠡᠮᠡᠷᠢᠯᠡᠬᠦ︾ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠵᠢᠴᠢ ︽ᠵᠢᠷᠭᠤᠭᠠᠨ ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠶᠡᠭᠡ ᠪᠠᠷ ᠳᠡᠮᠵᠢᠵᠦ ᠪᠠᠶᠢᠬᠤ ᠶᠢ ᠭᠦᠢᠴᠡᠳ ᠬᠠᠷᠠᠭᠤᠯᠵᠤ᠂ ᠪᠡᠭᠡᠵᠢᠩ ᠥᠪᠥᠷ ᠮᠣᠩᠭᠤᠯ ᠤᠨ ᠪᠣᠳᠠᠲᠠᠢ ᠶᠢ ᠡᠷᠬᠢᠮᠯᠡᠭᠰᠡᠨ ᠬᠠᠮᠵᠢᠯᠴᠠᠭ᠎ᠠ ᠪᠠᠨ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠢ ᠬᠦᠴᠦᠲᠡᠢ ᠠᠬᠢᠭᠤᠯᠵᠤ᠂ ᠥᠨᠳᠥᠷ ᠲᠦᠪᠰᠢᠨ ᠪᠦᠬᠦᠢ ᠬᠠᠷᠢᠯᠴᠠᠨ ᠨᠥᠬᠦᠪᠦᠷᠢᠯᠡᠵᠦ ᠬᠠᠷᠢᠯᠴᠠᠨ ᠠᠰᠢᠭ ᠭᠦᠷᠳᠡᠭᠦ ᠶᠢ ᠪᠡᠶᠡᠯᠡᠭᠦᠯᠬᠦ ᠨᠢ ᠯᠠᠪᠲᠠᠢ ᠶᠤᠮ ᠭᠡᠵᠦ ᠦᠵᠡᠪᠡ᠃ ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ᠂ ᠠᠵᠤ ᠦᠢᠯᠡᠰ ᠤᠨ ᠬᠠᠮᠵᠢᠯᠴᠠᠭ᠎ᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠠᠮᠵᠢᠯᠴᠠᠭ᠎ᠠ ᠶᠢ ᠴᠢᠩᠭᠠᠳᠬᠠᠬᠤ ᠵᠡᠷᠭᠡ ᠲᠠᠯ᠎ᠠ ᠶᠢᠨ ᠲᠤᠬᠠᠢ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠤ᠂ ᠪᠡᠭᠡᠵᠢᠩ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠣᠯᠣᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号