ᠸᠠᠩ ᠸᠠᠩ ᠱᠧᠩ ︽ᠤᠰᠤ ᠪᠠᠷ ᠳᠥᠷᠪᠡ ᠶᠢ ᠲᠣᠭᠲᠠᠭᠠᠬᠤ︾ ᠲᠤᠬᠠᠢ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠠᠵᠤ ᠠᠬᠤᠢ ᠶᠢᠨ ᠠᠵᠢᠯᠯᠠᠭᠠᠨ ᠤ ᠠᠵᠢᠯ ᠢ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2023/6/27
                6 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠬᠤᠩᠱᠠᠨ ᠲᠣᠭᠤᠷᠢᠭ᠂ ᠰᠦᠩᠱᠠᠨ ᠲᠣᠭᠤᠷᠢᠭ᠂ ᠬᠠᠷᠠᠴᠢᠨ ᠬᠤᠰᠢᠭᠤ᠂ ᠨᠢᠩᠴᠧᠩ ᠰᠢᠶᠠᠨ᠂ ᠶᠤᠸᠠᠨ ᠪᠦᠦ ᠱᠠᠨ ᠲᠣᠭᠤᠷᠢᠭ ᠲᠤ ᠬᠦᠷᠴᠦ ᠬᠤᠲᠠ ᠶᠢᠨ ᠤᠰᠤ ᠠᠷᠪᠢᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠤᠰᠤ ᠠᠷᠪᠢᠯᠠᠬᠤ᠂ ᠠᠵᠤ ᠦᠢᠯᠡᠳᠪᠦᠷᠢ ᠶᠢᠨ ᠤᠰᠤ ᠠᠷᠪᠢᠯᠠᠬᠤ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠲᠤ ᠠᠵᠤ ᠠᠬᠤᠢ ᠶᠢᠨ ᠠᠵᠢᠯᠯᠠᠭᠠᠨ ᠵᠡᠷᠭᠡ ᠠᠵᠢᠯ ᠢ ᠬᠢᠨᠠᠨ ᠵᠢᠯᠣᠭᠤᠳᠪᠠ᠃ ᠸᠠᠩ ᠸᠠᠩ ᠱᠧᠩ᠂ ᠬᠤᠲᠠ ᠶᠢᠨ ᠭᠠᠵᠠᠷ ᠳᠣᠣᠷᠠᠬᠢ ᠤᠰᠤᠨ ᠤ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠳᠣᠣᠷᠠᠬᠢ ᠤᠰᠤ ᠶᠢ ᠳᠤᠷ᠎ᠠ ᠪᠠᠷ ᠢᠶᠠᠨ ᠮᠠᠯᠲᠠᠬᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠬᠤ ᠡᠷᠴᠢᠮ ᠢ ᠨᠡᠮᠡᠭᠳᠡᠭᠦᠯᠦᠨ᠂ ᠤᠰᠤ ᠬᠠᠩᠭᠠᠬᠤ ᠬᠡᠪᠴᠢᠶᠡᠨ ᠳᠠᠬᠢ ᠤᠰᠤᠨ ᠰᠤᠷᠪᠤᠯᠵᠢ ᠶᠢᠨ ᠬᠤᠳᠳᠤᠭ ᠢ ᠥᠪᠡᠷᠲᠡᠭᠡᠨ ᠪᠡᠯᠡᠳᠬᠡᠬᠦ ᠶᠢ ᠴᠠᠭᠠᠵᠠᠯᠠᠬᠤ ᠶᠢᠨ ᠬᠠᠮᠲᠤ ᠤᠰᠤ ᠬᠠᠩᠭᠠᠬᠤ ᠬᠤᠭᠤᠯᠠᠢ ᠶᠢᠨ ᠲᠣᠣᠷ ᠢ ᠵᠢᠷᠤᠭᠯᠠᠨ ᠲᠥᠯᠥᠪᠯᠡᠬᠦ᠂ ᠥᠭᠡᠷᠡᠴᠢᠯᠡᠬᠦ᠂ ᠳᠡᠭᠡᠭᠰᠢᠯᠡᠭᠦᠯᠬᠦ ᠠᠵᠢᠯ ᠢ ᠰᠠᠶᠢᠲᠤᠷ ᠬᠢᠵᠦ᠂ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠂ ᠬᠤᠳᠠ ᠤᠨ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢᠨ ᠲᠣᠣᠷ ᠤᠨ ᠤᠰᠤᠨᠳᠠᠷᠤᠯᠲᠠ ᠳᠣᠣᠷ᠎ᠠ᠂ ᠳᠤᠰᠤᠯᠠᠵᠤ ᠭᠤᠭᠤᠵᠢᠬᠤ᠂ ᠬᠤᠶᠠᠳᠠᠭᠢ ᠤᠳᠠᠭ᠎ᠠ ᠠᠮᠠᠷᠬᠠᠨ ᠪᠣᠬᠢᠷᠲᠤᠬᠤ ᠵᠡᠷᠭᠡ ᠠᠰᠠᠭᠤᠳᠠᠯ ᠭᠠᠷᠬᠤ ᠠᠴᠠ ᠵᠠᠶᠢᠯᠠᠰᠬᠢᠵᠦ᠂ ᠥᠷᠭᠡᠨ ᠤᠯᠠᠨ ᠬᠤᠳᠠ ᠶᠢᠨ ᠠᠷᠠᠳ ᠤᠨ ᠰᠠᠨᠠᠭ᠎ᠠ ᠠᠮᠤᠷ ᠢᠶᠠᠷ ᠤᠰᠤ ᠬᠡᠷᠡᠭᠯᠡᠬᠦ᠂ ᠠᠮᠤᠷ ᠲᠦᠪᠰᠢᠨ ᠢᠶᠠᠷ ᠤᠰᠤ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠲᠠᠷᠢᠶᠠᠯᠠᠩ ᠤᠨ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠢᠳᠡᠪᠬᠢᠲᠡᠢ ᠪᠠᠷ ᠳᠡᠯᠭᠡᠷᠡᠭᠦᠯᠵᠦ᠂ ᠤᠰᠤ ᠠᠷᠪᠢᠯᠠᠬᠤ ᠤᠰᠤᠯᠠᠯᠲᠠ ᠶᠢᠨ ᠠᠵᠢᠯᠯᠠᠭᠠᠨ ᠤ ᠵᠠᠭᠪᠤᠷ ᠢ ᠲᠡᠭᠦᠯᠳᠡᠷᠵᠢᠭᠦᠯᠵᠦ᠂ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠬᠦᠢᠬᠡᠨ ᠪᠤᠯᠠᠵᠤ ᠳᠤᠰᠤᠯᠭᠠᠨ ᠤᠰᠤᠯᠠᠬᠤ᠂ ᠪᠦᠷᠬᠦᠭᠦᠯ ᠤᠨ ᠳᠣᠣᠷ᠎ᠠ ᠳᠤᠰᠤᠯᠭᠠᠨ ᠤᠰᠤᠯᠠᠬᠤ ᠵᠡᠷᠭᠡ ᠠᠷᠭ᠎ᠠ ᠮᠠᠶ᠋ᠢᠭ ᠢᠶᠠᠷ ᠶᠡᠭᠡ ᠤᠰᠤᠨ ᠤ ᠨᠡᠯᠦᠩᠬᠡᠢ ᠤᠰᠤᠯᠠᠯᠲᠠ ᠶᠢ ᠣᠷᠣᠯᠠᠭᠤᠯᠵᠤ᠂ ᠲᠠᠷᠢᠶᠠᠯᠠᠩ ᠤᠨ ᠤᠰᠤ ᠶᠢ ᠠᠷᠪᠢᠯᠠᠵᠤ ᠬᠡᠷᠡᠭᠯᠡᠬᠦ ᠰᠢᠨ᠎ᠡ ᠠᠷᠭ᠎ᠠ ᠵᠠᠮ ᠢ ᠦᠷᠭᠦᠯᠵᠢᠯᠡᠨ ᠰᠦᠪᠡᠭᠴᠢᠯᠡᠵᠦ᠂ ᠲᠠᠷᠢᠶᠠᠯᠠᠩ ᠤᠨ ᠲᠣᠭᠠᠴᠢᠯᠠᠯᠲᠠ᠂ ᠣᠶᠤᠨᠴᠢᠯᠠᠯᠲᠠ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠮᠦ ᠪᠦᠷᠢ ᠳᠤ ᠲᠡᠭᠰᠢᠳᠬᠡᠭᠰᠡᠨ ᠤᠰᠤ ᠬᠡᠷᠡᠭᠯᠡᠬᠦ ᠬᠡᠮᠵᠢᠶ᠎ᠡ ᠶᠢ ᠪᠠᠭᠤᠷᠠᠭᠤᠯᠵᠤ᠂ ᠮᠦ ᠪᠦᠷᠢ ᠳᠤ ᠲᠡᠭᠰᠢᠳᠬᠡᠭᠰᠡᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠰᠠᠶᠢᠲᠤᠷ ᠠᠳᠬᠤᠵᠤ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠤᠰᠤ ᠠᠷᠪᠢᠯᠠᠬᠤ ᠮᠡᠷᠭᠡᠵᠢᠯ ᠤᠨ ᠰᠢᠨ᠎ᠡ ᠶᠢ ᠡᠭᠦᠳᠴᠦ᠂ ᠤᠰᠤ ᠶᠡᠭᠡ ᠬᠤᠷᠣᠭᠳᠠᠭᠤᠯᠬᠤ ᠠᠵᠢᠯ ᠲᠦᠷᠦᠯ ᠤᠨ ᠤᠰᠤ ᠠᠷᠪᠢᠯᠠᠬᠤ ᠥᠭᠡᠷᠡᠴᠢᠯᠡᠯᠲᠡ᠂ ᠬᠠᠶᠠᠭᠳᠠᠮᠠᠯ ᠤᠰᠤ ᠶᠢ ᠭᠦᠨᠵᠡᠭᠡᠢ ᠰᠢᠢᠳᠪᠦᠷᠢᠯᠡᠬᠦ ᠪᠠ ᠪᠠᠷᠢᠮᠵᠢᠶ᠎ᠠ ᠳᠤ ᠬᠦᠷᠦᠭᠦᠯᠦᠨ ᠲᠠᠬᠢᠨ ᠠᠰᠢᠭᠯᠠᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠤᠯᠪᠤᠭᠠᠯᠠᠨ ᠤᠰᠤ ᠬᠡᠷᠡᠭᠯᠡᠬᠦ᠂ ᠴᠢᠨᠠᠷ ᠬᠤᠪᠢᠶᠠᠨ ᠤᠰᠤ ᠬᠡᠷᠡᠭᠯᠡᠬᠦ᠂ ᠨᠢᠭᠡ ᠤᠰᠤ ᠶᠢ ᠤᠯᠠᠨ ᠲᠠᠯ᠎ᠠ ᠪᠠᠷ ᠬᠡᠷᠡᠭᠯᠡᠬᠦ ᠶᠢ ᠵᠣᠷᠢᠭᠵᠢᠭᠤᠯᠵᠤ᠂ ᠠᠵᠤ ᠦᠢᠯᠡᠳᠪᠦᠷᠢ ᠶᠢᠨ ᠤᠰᠤ ᠬᠡᠷᠡᠭᠯᠡᠬᠦ ᠦᠷ᠎ᠡ ᠪᠦᠲᠦᠮᠵᠢ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠸᠠᠩ ᠸᠠᠩ ᠱᠧᠩ᠂ ᠠᠵᠤ ᠠᠬᠤᠢ ᠶᠢᠨ ᠠᠵᠢᠯᠯᠠᠭᠠᠨ ᠤ ᠲᠣᠬᠢᠷᠠᠭᠤᠯᠤᠯᠲᠠ ᠶᠢ ᠴᠢᠩᠭᠠᠳᠬᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠲᠠᠢ ᠨᠢᠭᠲᠠ ᠤᠶᠠᠯᠳᠤᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠪᠠᠷᠢᠮᠵᠢᠶ᠎ᠠ ᠲᠠᠢ ᠬᠠᠷᠭᠤᠭᠤᠯᠵᠤ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠲᠠᠯᠳᠡ ᠬᠦᠴᠦᠨ ᠢ ᠢᠳᠡᠪᠬᠢᠲᠡᠢ ᠠᠭᠤᠳᠠᠯᠵᠤ᠂ ᠳᠤᠲᠠᠭᠤᠳᠠᠯ ᠪᠠᠭᠤᠷᠠᠢ ᠵᠦᠢᠯ ᠢ ᠨᠥᠬᠦᠪᠦᠷᠢᠯᠡᠵᠦ᠂ ︽ᠬᠤᠶᠠᠷ ᠢ ᠬᠠᠭᠠᠰ ᠢᠶᠠᠷ ᠪᠡᠶᠡᠯᠡᠭᠦᠯᠬᠦ︾ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠸᠠᠩ ᠸᠠᠩ ᠱᠧᠩ ᠪᠠᠰᠠ ᠥᠪᠡᠷᠲᠡᠭᠡᠨ ᠵᠠᠰᠠᠬᠤ ᠣᠷᠣᠨ ᠤ ᠵᠤᠭᠠᠴᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃ ᠬᠤᠲᠠ ᠶᠢᠨ ᠤᠳᠤᠷᠢᠳᠤᠯᠭ᠎ᠠ ᠯᠤᠸᠠᠨ ᠲᠢᠶᠠᠨ ᠮᠧᠩ᠂ ᠴᠧᠨ ᠵᠠᠨ ᠢᠩ᠂ ᠰᠦᠢ ᠯᠢ᠂ ᠲᠢᠶᠠᠨ ᠴᠧᠨ ᠭᠤᠸᠠᠩ᠂ ᠶᠠᠩ ᠮᠦ᠂ ᠹᠦ᠋ ᠱᠧᠦ ᠯᠢ᠂ ᠵᠠᠩ ᠭᠦᠸᠧ ᠬᠤᠸᠠ ᠲᠤᠰ ᠲᠤᠰ ᠪᠠᠶᠢᠴᠠᠭᠠᠨ ᠰᠤᠳᠤᠯᠤᠯᠲᠠ ᠪᠠ ᠬᠢᠨᠠᠨ ᠵᠢᠯᠤᠭᠤᠳᠬᠤ ᠳᠤ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号