ᠸᠠᠩ ᠸᠠᠩ ᠱᠧᠩ ᠡᠯᠡᠰᠦᠷᠬᠡᠭᠵᠢᠬᠦ ᠶᠢ ᠰᠡᠷᠭᠡᠶᠢᠯᠡᠵᠦ ᠮᠠᠩᠬ᠎ᠠ ᠶᠢ ᠵᠠᠰᠠᠭᠰᠠᠨ ᠪᠠᠶᠢᠳᠠᠯ ᠪᠠ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/6/28
               6 ᠰᠠᠷ᠎ᠠ ᠶᠢᠨ 10᠎ ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠩ ᠱᠧᠩ ᠣᠩᠨᠢᠭᠤᠳ ᠬᠤᠰᠢᠭᠤᠨ ᠳᠤ ᠬᠦᠷᠴᠦ ᠡᠯᠡᠰᠦᠷᠬᠡᠭᠵᠢᠬᠦ ᠶᠢ ᠰᠡᠷᠭᠡᠶᠢᠯᠡᠵᠦ ᠮᠠᠩᠬ᠎ᠠ ᠶᠢ ᠵᠠᠰᠠᠭᠰᠠᠨ ᠪᠠᠶᠢᠳᠠᠯ ᠪᠠ ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠸᠠᠩ ᠸᠠᠩ ᠱᠧᠩ ᠤᠷᠢᠳ ᠬᠤᠵᠢᠳ ᠬᠠᠶᠢᠯᠠᠰᠤ ᠪᠠᠯᠭᠠᠰᠤᠨ ᠤ ᠰᠠᠨᠳᠠᠭ ᠭᠠᠴᠠᠭ᠎ᠠ ᠶᠢᠨ ᠬᠦᠲᠦᠯ ᠰᠢᠯᠢ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ᠂ ᠭᠡᠷᠰᠡᠩ ᠰᠤᠮᠤ ᠶᠢᠨ ᠡᠷᠢᠶᠡᠨ ᠮᠠᠩᠬ᠎ᠠ ᠭᠠᠴᠠᠭ᠎ᠠ ᠶᠢᠨ ᠮᠧᠩ ᠨᠦᠩ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ᠂ ᠦᠳᠡ ᠶᠢᠨ ᠬᠤᠸᠠ ᠪᠠᠯᠭᠠᠰᠤᠨ ᠤ ᠮᠢᠩ ᠴᠦᠨ ᠲᠠᠷᠢᠵᠦ ᠲᠡᠵᠢᠭᠡᠨ ᠦᠷᠡᠵᠢᠭᠦᠯᠬᠦ ᠲᠤᠰᠬᠠᠢ ᠬᠤᠷᠰᠢᠶᠠᠵᠢᠯ᠂ ᠤᠳᠠᠨᠲᠣᠬᠤᠢ ᠪᠠᠯᠭᠠᠰᠤᠨ ᠤ ᠸᠧᠢ ᠨᠦᠩ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠡᠯᠡᠰᠦᠷᠬᠡᠭᠵᠢᠬᠦ ᠶᠢ ᠰᠡᠷᠭᠡᠶᠢᠯᠡᠵᠦ ᠮᠠᠩᠬ᠎ᠠ ᠶᠢ ᠵᠠᠰᠠᠭᠰᠠᠨ ᠦᠷ᠎ᠡ ᠪᠦᠲᠦᠭᠡᠯ᠂ ᠬᠤᠷᠰᠢᠶᠠᠵᠢᠯ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠳᠪᠦᠷᠢ ᠵᠢᠴᠢ ᠮᠠᠰᠢᠨ ᠲᠥᠬᠦᠭᠡᠷᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠭᠤᠷᠪᠠ ᠶᠢ ᠨᠢᠭᠡ ᠴᠣᠭᠴᠠᠵᠢᠭᠤᠯᠬᠤ︾ ᠠᠵᠢᠯ ᠤᠨ ᠠᠬᠢᠴᠠ ᠶᠢ ᠨᠠᠷᠢᠨ ᠣᠶᠢᠯᠠᠭᠠᠬᠤ ᠶᠢᠨ ᠬᠠᠮᠲᠤ ᠬᠠᠶᠢᠯᠠᠰᠤ ᠪᠠᠯᠭᠠᠰᠤᠨ ᠤ ᠵᠠᠰᠠᠭ ᠤᠨ ᠣᠷᠳᠣᠨ ᠳᠤ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠪᠠ᠃ ᠸᠠᠩ ᠸᠠᠩ ᠱᠧᠩ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠡᠯᠡᠰᠦᠷᠬᠡᠭᠵᠢᠬᠦ ᠶᠢ ᠰᠡᠷᠭᠡᠶᠢᠯᠡᠵᠦ ᠮᠠᠩᠬ᠎ᠠ ᠶᠢ ᠵᠠᠰᠠᠬᠤ ᠠᠵᠢᠯ ᠤᠨ ᠤᠷᠳᠤ ᠬᠤᠭᠤᠴᠠᠭᠠᠲᠤ ᠴᠢᠨᠠᠷ᠂ ᠬᠠᠲᠠᠭᠤᠵᠢᠯᠲᠤ ᠴᠢᠨᠠᠷ᠂ ᠲᠠᠬᠢᠨ ᠳᠠᠪᠲᠠᠬᠤ ᠴᠢᠨᠠᠷ ᠪᠣᠯᠣᠨ ᠲᠣᠭᠲᠠᠪᠤᠷᠢ ᠦᠭᠡᠢ ᠴᠢᠨᠠᠷ ᠢ ᠭᠦᠢᠴᠡᠳ ᠲᠠᠨᠢᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠮᠦᠷᠡᠨ ᠨᠤᠲᠤᠭ ᠪᠡᠯᠴᠢᠭᠡᠷ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠥᠮ ᠲᠠᠢ ᠵᠠᠰᠠᠬᠤ ᠶᠢ ᠪᠠᠷᠢᠮᠲᠠᠯᠠᠵᠤ᠂ ᠬᠤᠷᠴᠢᠨ᠂ ᠬᠤᠯᠠᠨ ᠰᠢᠷᠭ᠎ᠠ ᠳᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠥᠭᠡᠷᠡᠴᠢᠯᠡᠯᠲᠡ ᠶᠢᠨ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠡᠷᠡᠰ ᠪᠠᠲᠤ ᠴᠣᠭᠴᠠᠯᠠᠬᠤ ᠬᠡᠷᠡᠭᠲᠡᠢ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠪᠠᠷ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠪᠠᠷ ᠤᠷᠢᠲᠠᠯ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠪᠣᠬᠢᠷᠲᠤᠯ ᠦᠭᠡᠢ ᠣᠷᠭᠠᠨᠢᠭ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠵᠦ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠩᠭᠤᠢ ᠬᠥᠭᠵᠢᠯᠲᠡ᠂ ᠠᠵᠤ ᠠᠬᠤᠢ ᠶᠢᠨ ᠦᠷ᠎ᠡ ᠠᠰᠢᠭ ᠬᠢᠭᠡᠳ ᠠᠮᠢ ᠠᠬᠤᠢ ᠶᠢᠨ ᠦᠷ᠎ᠡ ᠠᠰᠢᠭ ᠤᠨ ᠬᠤᠣᠰ ᠡᠯᠪᠡᠭ ᠬᠤᠷᠢᠶᠠᠯᠲᠠ ᠬᠤᠣᠰ ᠳᠡᠭᠡᠭᠰᠢᠯᠡᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ᠂ ︽ᠭᠤᠷᠪᠠ ᠶᠢ ᠨᠢᠭᠡ ᠴᠣᠭᠴᠠᠵᠢᠭᠤᠯᠬᠤ︾ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠠᠵᠢᠯᠯᠠᠭᠠᠨ ᠵᠢᠷᠤᠮᠵᠢᠭᠤᠨ᠂ ᠳᠠᠶᠢᠴᠢᠯᠠᠬᠤ ᠬᠦᠴᠦᠨ ᠢᠶᠠᠷ ᠴᠢᠩᠭ᠎ᠠ ᠪᠠᠶᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ᠂ ᠪᠡᠯᠡ ᠮᠥᠩᠭᠦ᠂ ᠲᠥᠬᠦᠭᠡᠷᠦᠮᠵᠢ ᠵᠡᠷᠭᠡ ᠡᠬᠢ ᠪᠠᠶᠠᠯᠢᠭ ᠢ ᠭᠦᠨᠵᠡᠭᠡᠢ ᠡᠮᠬᠢᠯᠡᠨ ᠨᠡᠶᠢᠯᠡᠭᠦᠯᠵᠦ᠂ ᠡᠯ᠎ᠡ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠨᠠᠶᠢᠳᠠᠪᠤᠷᠢᠵᠢᠭᠤᠯᠵᠤ᠂ ᠮᠠᠯᠴᠢᠨ ᠲᠠᠷᠢᠶᠠᠴᠢᠨ ᠤ ᠢᠳᠡᠪᠬᠢᠵᠢᠯ᠂ ᠣᠷᠣᠯᠴᠠᠬᠤ ᠴᠢᠨᠠᠷ ᠢ ᠥᠷᠭᠡᠨ ᠢᠶᠠᠷ ᠳᠠᠶᠢᠴᠢᠯᠠᠨ᠂ ᠲᠠᠷᠢᠶᠠᠯᠠᠩ ᠳᠤ ᠦᠢᠯᠡᠴᠢᠯᠡᠬᠦ ᠴᠢᠨᠠᠷ ᠰᠠᠶᠢᠲᠠᠢ ᠥᠨᠳᠥᠷ ᠬᠢᠷᠢ ᠲᠦᠪᠰᠢᠨ ᠤ ᠶᠡᠷᠦᠩᠬᠡᠶᠢᠯᠡᠭᠰᠡᠨ ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠦᠢᠯᠡᠳᠪᠦᠷᠢᠯᠡᠬᠦ᠂ ᠬᠠᠩᠭᠠᠨ ᠪᠣᠷᠣᠯᠠᠭᠤᠯᠬᠤ᠂ ᠢᠲᠡᠭᠡᠮᠵᠢ ︽ᠭᠤᠷᠪᠠ ᠶᠢ ᠨᠢᠭᠡ ᠴᠣᠭᠴᠠᠵᠢᠭᠤᠯᠬᠤ︾ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠦᠢᠯᠡᠴᠢᠯᠡᠭᠡᠨ ᠤ ᠰᠢᠰᠲ᠋ᠧᠮᠵᠢ ᠶᠢ ᠬᠦᠴᠦᠯᠡᠨ ᠪᠠᠶᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠦᠷᠭᠦᠯᠵᠢᠯᠡᠨ ᠬᠥᠭᠵᠢᠭᠡᠵᠦ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠡᠷᠬᠢᠯᠡᠭᠴᠢ ᠮᠥᠩᠬᠡᠳᠠᠯᠠᠢ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠠᠵᠠᠷ ᠣᠷᠣᠨ ᠤ ᠭᠤᠣᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号