ᠮᠠᠨ ᠤ ᠬᠤᠲᠠ ᠠᠷᠪᠠᠳᠤᠭᠠᠷ ᠬᠤᠭᠤᠴᠠᠭᠠᠨ ᠤ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/6/28
               6 ᠳ᠋ᠤᠭᠠᠷ ᠰᠠᠷ᠎ᠠ ᠶᠢᠨ 7 ᠤ ᠡᠳᠦᠷ᠂ ᠮᠠᠨ ᠤ ᠬᠤᠲᠠ ᠠᠷᠪᠠᠳᠤᠭᠠᠷ ᠬᠤᠭᠤᠴᠠᠭᠠᠨ ᠤ ᠪᠥᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠤ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠵᠢᠢ ᠺᠠᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠣᠣᠱᠯᠠᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠪᠡᠶ᠎ᠡ ᠲᠠᠮᠢᠷ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠨ᠂ ᠲᠤᠰ ᠬᠤᠭᠤᠴᠠᠭᠠᠨ ᠤ ᠪᠦᠬᠦ ᠣᠷᠣᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠲᠠᠮᠢᠷ ᠤᠨ ᠴᠤᠭᠯᠠᠭᠠᠨ ᠳᠤ ᠣᠷᠣᠯᠴᠠᠵᠤ᠂ ᠨᠥᠬᠦᠷᠯᠡᠯ ᠲᠠᠢ᠂ ᠬᠡᠪ ᠨᠠᠮᠪᠠ ᠲᠠᠢ᠂ ᠬᠢᠷᠢ ᠬᠡᠮᠵᠢᠶ᠎ᠡ ᠲᠠᠢ ᠪᠠᠷ ᠤᠷᠤᠯᠳᠤᠵᠠᠭᠠᠨ᠂ ᠦᠨᠳᠦᠰᠦᠲᠡᠨ ᠤ ᠪᠦᠯᠬᠦᠮᠳᠡᠯ ᠤᠨ ᠬᠥᠭᠵᠢᠮ ᠢ ᠬᠠᠮᠲᠤᠪᠠᠷ ᠳᠠᠭᠤᠷᠢᠰᠬᠠᠶ᠎ᠠ ᠭᠡᠵᠦ ᠵᠢᠭᠠᠵᠤ ᠭᠠᠷᠭᠠᠪᠠ᠃ ᠵᠠᠩ ᠵᠢᠢ ᠺᠠᠩ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠢᠭᠲᠠ ᠬᠠᠮᠵᠢᠯᠴᠠᠨ ᠬᠦᠳᠡᠯᠦᠯᠴᠡᠵᠦ᠂ ᠭᠤᠣᠯᠳᠠᠯᠭ᠎ᠠ ᠲᠠᠢ ᠭᠤᠭᠴᠤᠭ᠎ᠠ ᠶᠢ ᠲᠤᠪᠤᠶᠢᠯᠭᠠᠵᠦ᠂ ᠲᠥᠪᠯᠡᠷᠡᠭᠦᠯᠦᠨ ᠪᠣᠯᠪᠠᠰᠤᠷᠠᠭᠤᠯᠬᠤ ᠶᠢ ᠰᠠᠶᠢᠲᠤᠷ ᠠᠳᠬᠤᠵᠤ᠂ ᠤᠷᠤᠯᠳᠤᠭᠠᠨ ᠤ ᠲᠦᠪᠰᠢᠨ ᠢ ᠳᠡᠭᠡᠭᠰᠢᠯᠡᠭᠦᠯᠵᠦ᠂ ᠪᠡᠶ᠎ᠡ ᠶᠢᠨ ᠲᠠᠮᠢᠷ ᠤᠨ ᠴᠤᠭᠯᠠᠭᠠᠨ ᠳᠤ ᠣᠷᠣᠯᠴᠠᠬᠤ ᠡᠯ᠎ᠡ ᠵᠦᠢᠯ ᠤᠨ ᠪᠡᠯᠡᠳᠬᠡᠯ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号