ᠬᠤᠲᠠ ᠶᠢᠨ ᠵᠠᠰᠠᠭ ᠤᠨ ᠣᠷᠳᠣᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠠᠵᠤ ᠠᠬᠤᠶᠢᠯᠠᠯ ᠲᠠᠢ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/6/28
                   ᠸᠠᠩ ᠸᠠᠩ ᠱᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ 6 ᠰᠠᠷ᠎ᠠ ᠶᠢᠨ 12 ᠤᠨ ᠡᠳᠦᠷ᠂ ᠬᠤᠲᠠ ᠶᠢᠨ ᠵᠠᠰᠠᠭ ᠤᠨ ᠣᠷᠳᠣᠨ ᠪᠣᠯᠣᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ ᠶᠢᠨ ᠠᠵᠤ ᠠᠬᠤᠶᠢᠯᠠᠯ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠵᠣᠣ ᡁᠢ ᠭᠠᠩ ᠬᠤᠷᠠᠯ ᠡᠷᠭᠢᠯᠡᠪᠡ᠃ ᠬᠤᠷᠠᠯ ᠳᠡᠭᠡᠷ᠎ᠡ᠂ ᠶᠦᠨ ᠳ᠋ᠡ ᠬᠤᠪᠢ ᠣᠷᠣᠭᠤᠯᠤᠯᠲᠠ᠂ ᠵᠢᠢ ᠯᠢ ᠬᠤᠪᠢ ᠡᠵᠡᠮᠳᠡᠭᠰᠡᠨ ᠪᠦᠯᠦᠭᠯᠡᠯ᠂ ᠷᠦᠩ ᠴᠧᠩ ᠪᠦᠯᠦᠭᠯᠡᠯ ᠤᠨ ᠬᠠᠷᠢᠭᠤᠴᠠᠯᠭᠠᠲᠠᠨ ᠲᠤᠰ ᠲᠤᠰ ᠤᠯᠠᠭᠠᠨᠬᠠᠳᠠ ᠶᠢᠨ ᠵᠢᠦ ᠯᠢᠶᠠᠨ ᠬᠡᠦᠷᠰᠢᠭᠦᠯᠬᠦ᠂ ᠪᠣᠬᠢᠷᠲᠤᠯ ᠦᠭᠡᠢ ᠮᠧᠲ᠋ᠢᠯ ᠠᠯᠺᠣᠣᠯ᠂ ᠮᠧᠲ᠋ᠢᠯ ᠠᠯᠺᠣᠣᠯ ᠤᠨ ᠮᠠᠰᠢᠨ ᠲᠡᠷᠭᠡ ᠵᠢᠴᠢ ᠮᠧᠲ᠋ᠢᠯ ᠠᠯᠺᠣᠣᠯ ᠤᠨ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠵᠡᠷᠭᠡ ᠲᠦᠷᠦᠯ ᠵᠦᠢᠯ ᠤᠨ ᠲᠣᠭᠤᠷᠢᠨ ᠳᠤ ᠭᠦᠨᠵᠡᠭᠡᠢ ᠰᠣᠯᠢᠯᠴᠠᠭ᠎ᠠ ᠬᠢᠵᠡᠢ᠃ ᠸᠠᠩ ᠸᠠᠩ ᠱᠧᠩ ᠬᠠᠮᠲᠤᠷᠠᠯᠴᠠᠭᠠᠨ ᠤ ᠵᠦᠢᠯᠡᠰ ᠤᠨ ᠲᠤᠬᠠᠢ ᠠᠵᠤ ᠠᠬᠤᠶᠢᠯᠠᠯ᠂ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠭᠠᠵᠠᠷ ᠣᠷᠣᠨ ᠳᠤ᠂ ᠦᠢᠯᠡᠴᠢᠯᠡᠭᠡᠨ ᠤ ᠪᠠᠲᠤᠯᠠᠪᠤᠷᠢ ᠶᠢᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠨᠢᠭᠡ ᠨᠥᠭᠦᠴᠡᠯ ᠪᠦᠷᠢᠳᠪᠡᠯ ᠨᠢᠭᠡ ᠶᠢ ᠨᠠᠶᠢᠳᠠᠪᠤᠷᠢᠵᠢᠭᠤᠯᠬᠤ ᠵᠠᠷᠴᠢᠮ ᠶᠣᠰᠣᠭᠠᠷ᠂ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠠᠵᠤ ᠠᠬᠤᠶᠢᠯᠠᠯ ᠤᠨ ᠬᠢᠨ ᠳᠤ ᠬᠠᠮᠲᠤᠷᠠᠯᠴᠠᠭᠠᠨ ᠤ ᠵᠦᠢᠯᠡᠰ ᠲᠤ ᠴᠢᠭᠯᠡᠭᠦᠯᠦᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠠᠪᠤᠴᠠ ᠶᠢ ᠲᠦᠷᠭᠡᠨ ᠭᠦᠢᠴᠡᠳᠬᠡᠵᠦ᠂ ᠬᠠᠮᠲᠤᠷᠠᠯᠴᠠᠭᠠᠨ ᠤ ᠲᠦᠷᠦᠯ ᠵᠦᠢᠯ ᠤᠨ ᠡᠷᠲᠡᠬᠡᠨ ᠡᠬᠢᠯᠡᠨ ᠪᠦᠲᠦᠭᠡᠨ ᠪᠠᠶᠢᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠲᠣᠳᠣᠷᠬᠠᠢ ᠱᠠᠭᠠᠷᠳᠠᠯᠭ᠎ᠠ ᠳᠤᠷᠠᠳᠪᠠ᠃ ᠸᠠᠩ ᠸᠠᠩ ᠱᠧᠩ᠂ ᠤᠯᠠᠭᠠᠨᠬᠠᠳᠠ ᠬᠤᠲᠠ ᠬᠢᠭᠡᠳ ᠬᠡᠳᠦᠨ ᠠᠵᠤ ᠠᠬᠤᠶᠢᠯᠠᠯ ᠡᠭᠦᠨ ᠠᠴᠠ ᠡᠮᠦᠨ᠎ᠡ ᠨᠢᠭᠡᠨᠲᠡ ᠵᠣᠬᠢᠬᠤ ᠬᠡᠮᠵᠢᠶᠡᠨ ᠤ ᠬᠠᠮᠲᠤᠷᠠᠯᠴᠠᠭᠠᠨ ᠤ ᠰᠠᠭᠤᠷᠢ ᠲᠠᠢ ᠪᠣᠯᠵᠤ᠂ ᠲᠠᠷᠠᠭᠠᠴᠢ ᠶᠢᠨ ᠠᠯᠬᠤᠮ ᠳᠤ᠂ ᠡᠯ᠎ᠡ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠬᠢᠭᠡᠳ ᠠᠵᠤ ᠠᠬᠤᠶᠢᠯᠠᠯ ᠨᠢᠭᠲᠠ ᠨᠡᠪᠲᠡᠷᠡᠯᠴᠡᠨ ᠵᠣᠯᠭᠠᠯᠴᠠᠵᠤ᠂ ᠰᠤᠳᠤᠯᠬᠤ ᠰᠤᠷᠤᠯᠴᠠᠬᠤ ᠵᠢᠭᠤᠯᠴᠢᠯᠠᠬᠤ᠂ ᠰᠣᠶᠣᠯ ᠵᠢᠭᠤᠯᠴᠢᠯᠠᠯ ᠡᠷᠡᠭᠦᠯ ᠮᠡᠨᠳᠦ ᠠᠰᠠᠷᠠᠨ ᠲᠡᠵᠢᠭᠡᠬᠦ᠂ ᠪᠣᠳᠠᠰ ᠤᠨ ᠪᠤᠰᠤ ᠰᠣᠶᠣᠯ ᠤᠨ ᠥᠪ ᠢᠶᠠᠷ ᠮᠡᠳᠡᠭᠦᠯᠬᠦ ᠵᠡᠷᠭᠡ ᠲᠠᠯ᠎ᠠ ᠪᠠᠷ ᠪᠥᠬᠦ ᠲᠠᠯ᠎ᠠ ᠪᠠᠷ ᠣᠯᠠᠨ ᠲᠠᠯ᠎ᠠ ᠶᠢᠨ ᠬᠠᠮᠲᠤᠷᠠᠯᠴᠠᠭ᠎ᠠ ᠶᠢ ᠥᠷᠨᠢᠭᠦᠯᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠭᠠᠵᠠᠷ ᠣᠷᠣᠨ ᠤ ᠭᠤᠣᠯ ᠬᠠᠷᠢᠭᠤᠴᠠᠯᠭᠠᠲᠠᠨ ᠨᠦᠬᠦᠳ ᠬᠤᠷᠠᠯ ᠳᠤ ᠣᠷᠣᠯᠴᠠᠪᠠ᠃
 
ᠢᠷᠡᠯᠲᠡ᠄ ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ ᠤᠨ ᠣᠷᠴᠢᠭᠤᠯᠭ᠎ᠠ ᠶᠢᠨ ᠰᠠᠯᠠᠭ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号