ᠬᠠᠶᠢᠯᠠᠰᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠰᠤᠷᠤᠭᠴᠢᠳ ᠤᠨ ᠲᠡᠭᠦᠰᠬᠦ ᠶᠣᠰᠣᠯᠠᠯ ᠵᠢᠴᠢ ︽ᠬᠤᠶᠠᠷ ᠢ ᠬᠦᠩᠭᠡᠷᠡᠬᠦᠯᠬᠦ︾  ᠠᠵᠢᠯ ᠤᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠲᠡᠭᠦᠰ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/6/28
       2023 ᠣᠨ ᠤ 6 ᠰᠠᠷ᠎ᠠ ᠶᠢᠨ 23 ᠤ ᠡᠳᠦᠷ᠂ ᠬᠠᠶᠢᠯᠠᠰᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠠᠩᠬ᠎ᠠ ᠳᠤᠮᠳᠠᠳᠤ᠂ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠲᠡᠭᠦᠰᠬᠦ ᠶᠣᠰᠣᠯᠠᠯ ᠵᠢᠴᠢ ︽ᠬᠤᠶᠠᠷ ᠢ ᠬᠦᠩᠭᠡᠷᠡᠬᠦᠯᠬᠦ︾  ᠠᠵᠢᠯ ᠤᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠲᠡᠭᠦᠰ ᠠᠮᠵᠢᠯᠲᠠ ᠲᠠᠢ ᠶᠠᠪᠤᠭᠳᠠᠪᠠ᠃ ᠬᠠᠶᠢᠯᠠᠰᠤ ᠮᠣᠩᠭᠤᠯ ᠦᠨᠳᠦᠰᠦᠲᠡᠨ ᠤ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ ᠤᠨ ᠬᠤᠶᠠᠷ ᠲᠡᠭᠦᠰᠬᠦ ᠠᠩᠬᠢ᠂ ᠠᠩᠬ᠎ᠠ ᠳᠤᠮᠳᠠᠳᠤ ᠶᠢᠨ ᠬᠡᠯᠲᠡᠰ ᠤᠨ ᠲᠠᠪᠤᠨ ᠲᠡᠭᠦᠰᠬᠦ ᠠᠩᠬᠢ ᠴᠥᠮ ᠰᠢᠯᠢᠳᠡᠭ ᠬᠢᠷᠢ ᠪᠦᠲᠦᠮᠵᠢ ᠪᠠᠷ ᠲᠡᠭᠦᠰᠴᠦ᠂ ᠰᠢᠨ᠎ᠡ ᠨᠢᠭᠡᠨ ᠠᠶᠠᠨ ᠢᠶᠠᠨ ᠡᠯᠬᠦᠬᠦ ᠪᠤᠯᠪᠠ᠃ ᠲᠡᠭᠦᠰᠬᠦ ᠦᠳᠡᠰᠢᠯᠡᠭᠡ ᠶᠢᠨ ᠲᠣᠭᠯᠠᠯᠲᠠ ᠨᠢ ᠰᠤᠷᠭᠠᠭᠤᠯᠢ ᠶᠢᠨ ᠪᠠᠭᠰᠢ ᠰᠤᠷᠤᠭᠴᠢᠳ ᠤᠨ ᠬᠠᠷᠠᠭ᠎ᠠ ᠶᠢ ᠮᠢᠯᠢᠶᠠᠵᠤ᠂ ᠬᠠᠶᠢᠷ᠎ᠠ ᠶᠢ ᠲᠠᠲᠠᠨ᠂ ᠰᠤᠷᠭᠠᠭᠤᠯᠢ ᠶᠢᠨ ᠬᠦᠷᠢᠶᠡᠨ ᠤ ᠰᠤᠶᠤᠯ ᠤᠨ ᠠᠮᠢᠳᠤᠷᠠᠯ ᠢ ᠨᠡᠩ ᠪᠠᠶᠠᠯᠢᠭᠵᠢᠭᠤᠯᠪᠠ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号