| ᠦᠩᠭᠡᠷᠡᠭᠰᠡᠨ ᠨᠢᠬᠡ ᠵᠢᠯ ᠳᠤ᠂ ᠤᠩᠨᠢᠭᠤᠳ ᠬᠤᠰᠢᠭᠤ《 ᠠᠷᠪᠠᠨ ᠳᠥᠷᠪᠡᠳᠦᠭᠡᠷ ᠲᠠᠪᠤᠨ ᠵᠢᠯ 》 ᠤᠨ | ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ | ᠲᠠᠭᠤᠰᠬᠠᠨ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠣᠯᠠᠨ | ᠲᠦᠮᠡᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠦᠭᠰᠡᠨ ᠬᠡᠷᠡᠭ᠂ ᠥᠪᠡᠷᠲᠡᠭᠡᠨ ᠵᠠᠰᠠᠬᠤ ᠣᠷᠣᠨ ᠤ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ | ᠠᠰᠠᠭᠤᠳᠠᠯ᠂ ᠣᠶ ᠰᠢᠭᠤᠶ ᠡᠪᠡᠰᠦ ᠪᠡᠯᠴᠢᠭᠡᠷ ᠤᠨ ᠲᠤᠰᠬᠠᠶ ᠴᠡᠭᠴᠡᠯᠡᠨ ᠵᠠᠰᠠᠬᠤ ᠠᠰᠠᠭᠤᠳᠠᠯ ᠢ ᠪᠦᠬᠦᠨ ᠢ | ᠴᠡᠭᠴᠡᠯᠡᠨ ᠰᠠᠶᠢᠵᠢᠷᠠᠭᠤᠯᠵᠤ ᠳ᠋ᠤᠭᠠᠷ ᠢ ᠨᠢ ᠬᠠᠰᠤᠪᠠ ᠃ ᠴᠢᠶᠤᠤ ᠲᠸᠤ ᠶᠢᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠂ ᠬᠦᠷᠢᠶᠡᠯᠡᠩ ᠲᠣᠭᠤᠷᠢᠭ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ᠂ ᠽᠢ ᠴᠧᠩ ᠤᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ ᠶᠢ | ᠡᠬᠢᠯᠡᠨ ᠪᠠᠶᠢᠭᠤᠯᠵᠤ᠂ 6 ᠰᠢᠶᠠᠩ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠵᠢᠷᠤᠮᠵᠢᠭᠤᠯᠤᠨ | ᠠᠵᠢᠯᠯᠠᠭᠤᠯᠪᠠ ᠃ ᠲᠡᠦᠬᠡᠨ ᠦᠯᠡᠳᠡᠭᠳᠡᠯ ᠪᠠ ᠬᠠᠷᠢᠭᠤᠴᠠᠯᠭ᠎ᠠ ᠥᠬᠡᠶ 45 ᠭᠤᠤᠯ ᠴᠣᠭᠴᠠᠲᠤ ᠠᠭᠤᠷᠬᠠᠶ ᠶᠢ | ᠵᠠᠰᠠᠵᠤ᠂ 1 ᠰᠠᠭᠤᠷᠢ ᠪᠣᠬᠢᠷᠲᠤᠯ ᠥᠬᠡᠶ ᠠᠭᠤᠷᠬᠠᠶ ᠶᠢ ᠪᠠᠶᠢᠭᠤᠯᠪᠠ ᠃ 《 ᠭᠤᠤᠯ ᠮᠥᠷᠡᠨ ᠨᠠᠭᠤᠷ ᠴᠥᠭᠦᠷᠥᠮ | ᠤᠨ ᠳᠠᠷᠤᠭ᠎ᠠ + ᠣᠶ ᠰᠢᠭᠤᠶ ᠶᠢᠨ ᠳᠠᠷᠤᠭ᠎ᠠ + ᠪᠠᠶᠢᠴᠠᠭᠠᠬᠤ ᠳᠠᠷᠤᠭ᠎ᠠ + ᠴᠠᠭᠳᠠᠭᠠᠨ ᠳᠠᠷᠤᠭ᠎ᠠ 》 ᠶᠢᠨ | ᠬᠠᠮᠵᠢᠯᠴᠠᠬᠤ ᠲᠣᠭᠲᠠᠴᠠ ᠲᠠᠰᠤᠷᠠᠯᠲᠠ ᠥᠬᠡᠶ ᠭᠦᠨᠵᠡᠭᠡᠶᠢᠷᠡᠵᠦ᠂19 ᠪᠣᠬᠢᠷᠲᠤᠯ ᠭᠠᠳᠠᠭᠰᠢᠯᠠᠭᠤᠯᠬᠤ ᠠᠮᠠ ᠶᠢ | ᠴᠡᠭᠴᠡᠯᠡᠨ ᠵᠠᠰᠠᠵᠤ ᠳᠠᠭᠤᠰᠬᠠᠪᠠ ᠃ 5 . 8 ᠲᠦᠮᠡᠨ ᠮᠦ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠵᠤ᠂ | ᠪᠤᠷᠤᠬᠤᠲᠠ ᠠᠴᠠ ᠪᠠᠶᠠᠨᠲᠤᠬᠤᠢ ᠬᠦᠷᠬᠦ ᠵᠠᠮ ᠤᠨ ᠡᠯᠡᠰᠦ ᠶᠢ ᠵᠠᠰᠠᠬᠤ ᠠᠵᠢᠯ ᠳᠡᠭᠡᠳᠦ ᠱᠠᠲᠤᠨ ᠤ ᠨᠠᠮ ᠤᠨ | ᠬᠤᠷᠢᠶ᠎ᠠ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠨᠣᠲᠠᠯᠠᠯᠲᠠ ᠶᠢ ᠣᠯᠪᠠ ᠃ ᠲᠠᠴᠢᠷᠳᠠᠭᠰᠠᠨ ᠣᠶ ᠰᠢᠭᠤᠶ | ᠶᠢ 2 . 2 ᠲᠦᠮᠡᠨ ᠮᠥ ᠥᠭᠡᠷᠡᠴᠢᠯᠡᠨ ᠵᠠᠰᠠᠵᠤ᠂ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠂ ᠪᠥᠬᠦ ᠬᠤᠲᠠ | ᠶᠢᠨ ᠠᠯᠪᠠᠨ ᠵᠢᠷᠤᠮ ᠤᠨ ᠮᠣᠳᠣ ᠳᠠᠷᠢᠬᠤ ᠠᠵᠢᠯᠯᠠᠭ᠎ᠠ᠂ ᠪᠥᠬᠦ ᠬᠤᠲᠠ ᠶᠢᠨ ᠬᠠᠪᠤᠷ ᠤᠨ ᠤᠯᠠᠷᠢᠯ ᠤᠨ | ᠣᠶᠢᠵᠢᠭᠤᠯᠤᠯᠲᠠ ᠵᠢᠴᠢ ᠲᠠᠴᠢᠷᠳᠠᠭᠰᠠᠨ ᠣᠶ ᠰᠢᠭᠤᠶ ᠶᠢ ᠥᠭᠡᠷᠡᠴᠢᠯᠡᠨ ᠵᠠᠰᠠᠬᠤ ᠲᠤᠬᠠᠶ ᠶᠢᠨ ᠲᠠᠯᠠᠪᠠᠶ ᠶᠢᠨ | ᠪᠣᠯᠪᠠᠰᠤᠷᠠᠯ ᠤᠨ ᠠᠩᠭᠢ ᠶᠢ ᠠᠮᠵᠢᠯᠲᠠ ᠲᠠᠢ ᠡᠷᠬᠢᠯᠡᠪᠡ᠃ ᠤᠯᠤᠰ ᠤᠨ ᠭᠤᠣᠯᠳᠠᠯᠭ᠎ᠠ ᠲᠠᠢ ᠠᠮᠢ ᠠᠬᠤᠢ ᠶᠢᠨ | ᠴᠢᠳᠠᠮᠵᠢᠲᠤ ᠣᠷᠣᠨ ᠤ ᠰᠢᠶᠠᠨ ᠤ ᠬᠡᠪᠴᠢᠶᠡᠨ ᠤ ᠬᠢᠨᠠᠨ ᠰᠢᠯᠭᠠᠯᠲᠠ ᠪᠦᠬᠦ ᠣᠷᠣᠨ ᠤ ᠨᠢᠭᠡᠳᠦᠭᠡᠷ ᠲᠤ ᠣᠷᠣᠵᠤ᠂ | ᠪᠦᠬᠦ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠢ ᠠᠷᠪᠢᠯᠠᠨ ᠭᠠᠮᠨᠠᠭᠰᠠᠨ ᠡᠷᠴᠢᠮᠵᠢᠭᠦᠯᠦᠭᠰᠡᠨ ᠵᠢᠱᠢᠶ᠎ᠡ ᠦᠵᠡᠭᠦᠯᠬᠦ | ᠰᠢᠶᠠᠨ ᠢᠶᠠᠷ ᠦᠨᠡᠯᠡᠭᠳᠡᠪᠡ ᠃ | |