ᠤᠩᠨᠢᠭᠤᠳ ᠬᠤᠰᠢᠭᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠢ  ᠠᠬᠢᠭᠤᠯᠵᠤ ᠪᠤᠢ
ᠨᠡᠶᠢᠲᠡᠯᠡᠭᠰᠡᠨ ᠴᠠᠭ᠄
2023/7/25
             ᠤᠩᠨᠢᠭᠤᠳ ᠬᠤᠰᠢᠭᠤ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠬᠦᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠨᠡᠭᠦᠷᠡᠰᠦ ᠰᠢᠲᠠᠭᠠᠬᠤ ᠭᠦᠸᠧᠯᠦ ᠶᠢ ᠥᠭᠡᠷᠡᠴᠢᠯᠡᠨ ᠵᠠᠰᠠᠬᠤ᠂ ᠤᠯᠤᠰ ᠤᠨ ᠰᠢᠯᠭᠠᠨ ᠪᠠᠶᠢᠴᠠᠭᠠᠯᠲᠠ ᠶᠢᠨ ᠣᠭᠲᠣᠯᠤᠭᠠᠰᠤ ᠵᠢᠴᠢ ᠭᠠᠵᠠᠷ ᠳᠡᠭᠡᠷᠡᠬᠢ ᠤᠰᠤ ᠶᠢ ᠴᠡᠭᠴᠡᠯᠡᠨ ᠵᠠᠰᠠᠬᠤ᠂ ᠮᠠᠯ ᠠᠵᠤ ᠠᠬᠤᠢ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠴᠢᠶᠤᠤ ᠲᠸᠤ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠽᠢ ᠴᠧᠩ ᠬᠤᠳᠠ ᠶᠢᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠠᠯᠠᠪᠠᠢ᠂ ᠬᠠᠶᠢᠯᠠᠰᠤ ᠪᠠᠯᠭᠠᠰᠤᠨ ᠤ ᠬᠤᠭ ᠨᠣᠪᠰᠢ ᠶᠢ ᠰᠢᠢᠳᠪᠦᠷᠢᠯᠡᠬᠦ ᠵᠡᠷᠭᠡ ᠲᠦᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠤᠯᠠᠭᠠᠶᠢᠯᠠᠨ ᠭᠠᠳᠠᠭᠰᠢᠯᠠᠭᠤᠯᠬᠤ᠂ ᠰᠢᠭᠤᠳ ᠭᠠᠳᠠᠭᠰᠢᠯᠠᠭᠤᠯᠬᠤ᠂ ᠬᠡᠲᠦᠷᠡᠲᠡᠯ᠎ᠡ ᠭᠠᠳᠠᠭᠰᠢᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠩᠨᠢᠭᠤᠳ ᠤᠨ ᠡᠬᠡ ᠭᠠᠵᠠᠷ ᠤᠨ ᠲᠩᠷᠢ ᠶᠢ ᠨᠡᠩ ᠴᠡᠯᠮᠡᠭ᠂ ᠠᠭᠤᠯᠠ ᠶᠢ ᠨᠡᠩ ᠨᠣᠭᠤᠭᠠᠨ᠂ ᠤᠰᠤ ᠶᠢ ᠨᠡᠩ ᠲᠤᠩᠭᠠᠯᠠᠭ᠂ ᠣᠷᠴᠢᠨ ᠲᠣᠭᠤᠷᠢᠨ ᠢ ᠨᠡᠩ ᠭᠤᠶᠤᠮᠰᠠᠭ  ᠪᠤᠯᠭᠠᠵᠤ ᠪᠤᠢ᠃
 
ᠢᠷᠡᠯᠲᠡ᠄ ᠤᠩᠨᠢᠭᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠠ ᠪᠥᠬᠦᠢ ᠰᠤᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备14003692号